ᠬᠢᠩᠭᠠᠨ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠭᠤᠤᠯᠳᠠᠯᠭ᠎ᠠ ᠲᠠᠢ ᠠᠵᠢᠯ ᠤᠨ ᠲᠤᠬᠢᠷᠠᠭᠤᠯᠤᠯᠳᠠ ᠶᠢᠨ ᠬᠤᠷᠠᠯ ᠨᠤᠲᠤᠭ ᠪᠡᠯᠴᠢᠭᠡᠷ ᠢ ᠬᠠᠮᠠᠭᠠᠯᠠᠬᠤ ᠠᠵᠢᠯ ᠳᠤ ᠰᠢᠨ᠎ᠡ ᠱᠠᠭᠠᠷᠳᠠᠯᠭ᠎ᠠ ᠳᠤᠷᠠᠳᠪᠠ
ᠨᠡᠶᠢᠲᠡᠯᠡᠭᠰᠡᠨ ᠴᠠᠭ᠄
2017/11/23
      11 ᠳ᠋ᠦ᠋ᠭᠡᠷ ᠰᠠᠷ᠎ᠠ ᠶᠢᠨ 17᠎ ᠤ ᠡᠳᠦᠷ᠂ ᠬᠢᠩᠭᠠᠨ ᠠᠶᠢᠮᠠᠭ ᠤᠨ ᠵᠠᠬᠢᠷᠭ᠎ᠠ ︽ᠣᠳᠣᠬᠠᠨ ᠤ ᠮᠠᠯᠵᠢᠬᠤ ᠲᠠᠷᠢᠶᠠᠯᠠᠬᠤ ᠣᠷᠣᠨ ᠪᠣᠯᠤᠨ ᠲᠠᠷᠢᠶᠠᠯᠠᠩ ᠮᠠᠯ ᠠᠵᠤ ᠠᠬᠤᠶ ᠶᠢᠨ ᠭᠤᠤᠯᠳᠠᠯᠭ᠎ᠠ ᠲᠠᠢ ᠠᠵᠢᠯ ᠤᠨ ᠲᠤᠬᠢᠷᠠᠭᠤᠯᠤᠯᠳᠠ ᠎ ᠶᠢᠨ ᠬᠤᠷᠠᠯ︾ ᠬᠢᠪᠡ᠃ ᠬᠤᠷᠠᠯ ᠠᠴᠠ ᠨᠤᠲᠤᠭ ᠪᠡᠯᠴᠢᠭᠡᠷ ᠤᠨ ᠡᠷᠬᠡ ᠶᠢ ᠨᠤᠲᠠᠯᠠᠨ ᠳᠠᠭᠠᠭᠠᠴᠢᠯᠠᠭᠤᠯᠬᠤ ᠠᠵᠢᠯ ᠢ ᠬᠤᠷᠳᠤᠬᠠᠨ ᠪᠡᠶᠡᠯᠡᠭᠦᠯᠬᠦ ᠬᠡᠷᠡᠭᠲᠡᠶ ᠭᠡᠵᠦ ᠱᠠᠭᠠᠷᠳᠠᠵᠠᠶ᠃ ᠨᠢᠭᠡ ᠳᠤ ᠳᠡᠭᠡᠳᠦ ᠬᠡᠮᠵᠢᠶ᠎ᠡ ᠪᠠᠷ ᠬᠦᠨᠳᠦᠳᠬᠡᠨ ᠦᠵᠡᠵᠦ᠂ ᠲᠠᠨᠢᠯᠲᠠ ᠪᠠᠨ ᠳᠡᠭᠡᠭᠰᠢᠯᠡᠭᠦᠯᠦᠨ᠂ ᠵᠣᠬᠢᠶᠠᠨ ᠪᠠᠶᠢᠭᠤᠯᠬᠤ ᠪᠠᠨ ᠴᠢᠩᠭᠠᠳᠬᠠᠨ᠂ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠦᠨᠳᠦᠰᠦᠨ ᠱᠠᠲᠤ ᠨᠢ ᠨᠠᠷᠢᠨ ᠬᠢᠨᠠᠮᠠᠭᠠᠶ ᠬᠠᠷᠢᠭᠤᠴᠠᠬᠤ ᠬᠡᠷᠡᠭᠲᠡᠶ᠃ ᠬᠤᠶᠠᠷ ᠲᠤ ᠬᠢᠨᠠᠨ ᠪᠠᠶᠢᠴᠠᠭᠠᠵᠤ ᠬᠢᠨᠠᠨ ᠬᠠᠷᠭᠤᠭᠤᠯᠬᠤ ᠲᠠᠯ᠎ᠠ ᠪᠠᠷ ᠬᠦᠴᠦ ᠲᠠᠯᠪᠢᠵᠤ᠂ ᠴᠢᠩᠭ᠎ᠠ ᠬᠢᠨᠠᠨ ᠪᠠᠶᠢᠴᠠᠭᠠᠬᠤ ᠬᠡᠷᠡᠭᠲᠡᠶ᠂ ᠳᠠᠪᠬᠤᠷᠳᠠᠭᠤᠯᠤᠨ ᠦᠨᠡᠮᠯᠡᠯ ᠣᠯᠭᠤᠬᠤ ᠠᠰᠠᠭᠤᠳᠠᠯ ᠢ ᠳᠠᠬᠢᠨ ᠭᠠᠷᠭᠠᠵᠤ ᠪᠣᠯᠬᠤ ᠦᠭᠡᠢ᠃ ᠬᠡᠨ ᠦᠨᠡᠮᠯᠡᠯ ᠣᠯᠭᠤᠭᠰᠠᠨ ᠪᠣᠯ ᠬᠡᠨ ᠬᠢᠨᠠᠨ ᠬᠠᠷᠭᠤᠭᠤᠯᠵᠤ᠂ ᠬᠡᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ ᠭᠡᠵᠡᠢ᠃ ᠭᠤᠷᠪᠠ ᠳᠤ ᠲᠤᠬᠠᠶᠢᠯᠠᠭᠰᠠᠨ ᠠᠵᠢᠯ ᠤᠨ ᠵᠢᠯᠤᠭᠤᠳᠤᠯᠭ᠎ᠠ ᠪᠠᠨ ᠴᠢᠩᠭᠠᠳᠬᠠᠵᠤ᠂ ᠠᠵᠢᠯ ᠢᠶᠠᠨ ᠨᠠᠷᠢᠨ ᠨᠢᠮᠪᠠᠶ ᠦᠨᠡᠨ ᠪᠣᠳᠠᠲᠠᠶ ᠬᠢᠬᠦ ᠬᠡᠷᠡᠭᠲᠡᠶ᠃ ᠨᠤᠲᠤᠭ ᠪᠡᠯᠴᠢᠭᠡᠷ ᠢ ᠬᠠᠮᠠᠭᠠᠯᠠᠬᠤ ᠲᠠᠯ᠎ᠠ ᠪᠠᠷ᠂ ᠬᠤᠷᠠᠯ ᠠᠴᠠ ᠴᠢᠬᠤᠯᠠᠴᠢᠯᠠᠭᠰᠠᠨ ᠨᠢ᠂ ᠨᠤᠲᠤᠭ ᠪᠡᠯᠴᠢᠭᠡᠷ ᠢ ᠬᠠᠮᠠᠭᠠᠯᠠᠬᠤ ᠳᠦᠷᠢᠮ ᠢ ᠦᠨᠡᠨ ᠬᠦ ᠴᠢᠩᠭᠠᠳᠬᠠᠬᠤ ᠬᠡᠷᠡᠭᠲᠡᠶ᠃ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠪᠡᠯᠴᠢᠭᠡᠷ ᠢ ᠰᠡᠯᠡᠭᠦᠴᠡᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠶ᠂ ᠬᠠᠤᠯᠢ ᠪᠤᠰᠤ ᠪᠠᠷ ᠨᠤᠲᠤᠭ ᠪᠡᠯᠴᠢᠭᠡᠷ ᠢ ᠡᠵᠡᠯᠡᠨ ᠬᠡᠷᠡᠭᠯᠡᠭᠰᠡᠨ ᠠᠰᠠᠭᠤᠳᠠᠯ ᠢ ᠣᠮᠲᠣᠭᠠᠶᠢᠯᠠᠵᠤ ᠪᠣᠯᠬᠤ ᠦᠭᠡᠢ᠃ ᠨᠤᠲᠤᠭ ᠪᠡᠯᠴᠢᠭᠡᠷ ᠢ ᠬᠠᠮᠠᠭᠠᠯᠠᠬᠤ ᠦᠵᠡᠯ ᠤᠬᠠᠮᠰᠠᠷ ᠢᠶᠠᠨ ᠳᠡᠭᠡᠭᠰᠢᠯᠡᠭᠦᠯᠬᠦ ᠬᠡᠷᠡᠭᠲᠡᠶ᠃ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢᠲᠡᠶ ᠪᠠᠶᠢᠯᠭᠠᠬᠤ ᠶᠢ ᠪᠠᠷᠢᠮᠲᠠᠯᠠᠬᠤ ᠬᠡᠷᠡᠭᠲᠡᠶ᠃ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠳᠤ ︽ᠮᠥᠷ ᠢᠶᠠᠨ ᠬᠠᠷᠠᠬᠤ︾ ᠠᠵᠢᠯ ᠢ ᠬᠢᠬᠦ ᠬᠡᠷᠡᠭᠲᠡᠶ᠃ ᠨᠤᠲᠤᠭ ᠪᠡᠯᠴᠢᠭᠡᠷ ᠤᠨ ᠬᠠᠤᠯᠢ ᠶᠢ ᠬᠡᠷᠡᠭᠵᠢᠭᠦᠯᠬᠦ ᠦᠵᠡᠯ ᠤᠬᠠᠮᠰᠠᠷ ᠢᠶᠠᠨ ᠳᠡᠭᠡᠭᠰᠢᠯᠡᠭᠦᠯᠬᠦ ᠬᠡᠷᠡᠭᠲᠡᠶ᠃ ᠴᠢᠩᠭ᠎ᠠ ᠬᠠᠷᠠᠵᠤ᠂ ᠴᠢᠩᠭ᠎ᠠ ᠬᠠᠮᠢᠶᠠᠷᠴᠤ᠂ ᠴᠢᠩᠭ᠎ᠠ ᠲᠣᠷᠭᠠᠵᠤ᠂ ᠬᠠᠤᠯᠢ ᠶᠢ ᠵᠥᠷᠢᠴᠡᠵᠦ ᠭᠠᠵᠠᠷ ᠲᠠᠲᠠᠪᠤᠷᠢᠯᠠᠭᠰᠠᠨ ᠡᠵᠡᠯᠡᠭᠰᠡᠨ᠂ ᠬᠠᠤᠯᠢ ᠶᠢ ᠵᠥᠷᠢᠴᠡᠨ ᠨᠤᠲᠤᠭ ᠪᠡᠯᠴᠢᠭᠡᠷ ᠢ ᠬᠠᠭᠠᠯᠪᠤᠷᠢᠯᠠᠭᠰᠠᠨ ᠶᠠᠪᠤᠳᠠᠯ ᠢ ᠨᠢᠭᠡ ᠶᠢ ᠣᠯᠵᠤ ᠮᠡᠳᠡᠪᠡᠯ ᠨᠢᠭᠡ ᠶᠢ ᠰᠢᠢᠳᠪᠦᠷᠢᠯᠡᠬᠦ ᠬᠡᠷᠡᠭᠲᠡᠶ᠂ ᠨᠤᠲᠤᠭ ᠪᠡᠯᠴᠢᠭᠡᠷ ᠢ ᠬᠠᠮᠠᠭᠠᠯᠠᠬᠤ ᠪᠣᠯ ᠰᠢᠭᠤᠶᠢᠲᠤ ᠭᠠᠵᠠᠷ ᠢ ᠬᠠᠮᠠᠭᠠᠯᠠᠬᠤ ᠎ ᠲᠠᠢ ᠨᠢᠭᠡᠯᠨ ᠠᠳᠠᠯᠢ ᠴᠥᠮ ᠤᠯᠤᠰ ᠤᠨ ︽ᠬᠤᠷᠢᠭ᠎ᠠ ᠱᠤᠭᠤᠮ︾ ᠮᠥᠨ᠂ ᠦᠨᠳᠦᠰᠦᠨ ᠨᠤᠲᠤᠭ ᠪᠡᠯᠴᠢᠭᠡᠷ ᠢ ᠵᠠᠭᠠᠭᠯᠠᠨ ᠲᠣᠭᠲᠠᠭᠠᠵᠤ ᠳᠠᠭᠤᠰᠤᠭᠰᠠᠨ ᠤ ᠳᠠᠷᠠᠭ᠎ᠠ᠂ ᠬᠢᠨᠠᠯᠲᠠ ᠬᠠᠮᠢᠶᠠᠷᠤᠯᠲᠠ ᠨᠢ ᠳᠤᠲᠠᠮᠠᠭ ᠪᠠᠶᠢᠪᠠᠯ ᠵᠠᠪᠠᠯ ᠬᠠᠷᠢᠭᠤᠴᠠᠯᠭ᠎ᠠ ᠲᠣᠯᠭᠠᠬᠤ ᠬᠡᠷᠡᠭᠲᠡᠶ ᠭᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号