ᠪᠦ᠋ ᠰᠢᠶᠤᠤ ᠯᠢᠨ ᠪᠤᠭᠤᠲᠤ ᠬᠤᠲᠠ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2017/11/23
      11 ᠳ᠋ᠤᠭᠡᠷ ᠰᠠᠷ᠎ᠠ ᠶᠢᠨ 22 ᠤᠨ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠪᠤᠭᠤᠳᠤ ᠬᠤᠳᠠ ᠳᠤ ᠪᠠᠶᠢᠴᠠᠭᠠᠨ ᠰᠤᠳᠤᠯᠤᠯᠳᠠ ᠬᠢᠪᠠ᠃ ᠲᠡᠷᠡ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠤᠶᠤᠨ ᠤᠬᠠᠭᠠᠨ ᠪᠤᠯᠤᠨ ᠬᠦᠴᠦᠨ ᠴᠢᠳᠠᠯ ᠢᠶᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠲᠤᠬᠳᠠᠭᠠᠬᠰᠠᠨ ᠡᠯ᠎ᠠ ᠵᠦᠢᠯ ᠤᠨ ᠡᠭᠦᠷᠭᠡ ᠲᠡᠭᠡᠷ᠎ᠠ ᠲᠦᠪᠯᠡᠷᠡᠭᠦᠯᠵᠤ᠂ ᠰᠢᠨᠵᠢᠯᠡᠭᠦ ᠤᠬᠠᠭᠠᠨ ᠮᠡᠷᠭᠡᠵᠢᠯ ᠤᠨ ᠰᠢᠨ᠎ᠠ ᠶᠢ ᠡᠭᠦᠳᠭᠦ ᠪᠠᠷ ᠬᠦᠳᠦᠯᠦᠨ ᠲᠠᠭᠠᠭᠤᠯᠬᠤ ᠪᠠᠨ ᠴᠢᠩᠳᠠᠯᠠᠵᠤ᠂ ᠬᠦᠭᠵᠢᠯᠳᠡ ᠶᠢᠨ ᠠᠷᠭ᠎ᠠ ᠬᠡᠯᠪᠡᠷᠢ ᠪᠠᠨ ᠲᠦᠷᠭᠡᠳᠭᠡᠨ ᠬᠤᠪᠢᠷᠠᠭᠤᠯᠵᠤ᠂ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠦᠭᠵᠢᠭᠦ ᠶᠢ ᠠᠬᠢᠭᠤᠯᠬᠤ ᠬᠡᠷᠡᠭᠳᠡᠢ ᠬᠡᠵᠤ ᠴᠢᠬᠤᠯᠠᠴᠢᠯᠠᠪᠠ᠃
     11 ᠳ᠋ᠤᠭᠡᠷ ᠰᠠᠷ᠎ᠠ ᠶᠢᠨ 22 ᠤᠨ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠦᠪᠦᠷ ᠮᠤᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠳᠤ ᠪᠠᠶᠢᠴᠠᠭᠠᠨ ᠰᠤᠳᠤᠯᠤᠯᠲᠠ ᠬᠢᠭᠰᠡᠨ ᠤ ᠬᠠᠮᠲᠤ ᠤᠶᠤᠲᠠᠳ ᠤᠨ ᠳᠠᠳᠤᠯᠭ᠎ᠠ ᠰᠤᠷᠢᠯᠲᠠ ᠶᠢᠨ ᠪᠤᠯᠪᠠᠰᠤᠷᠠᠯ ᠤᠨ ᠰᠠᠭᠤᠷᠢᠨ ᠭᠠᠵᠠᠷ ᠤᠨ ᠰᠤᠷᠤᠭᠴᠢᠳ ᠲᠠᠢ ᠶᠠᠷᠢᠯᠴᠠᠪᠠ᠃      ᠦᠪᠦᠷ ᠮᠤᠩᠭᠤᠯ ᠤᠨ ᠰᠢᠨᠵᠢᠯᠡᠭᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠪᠤᠯ ᠲᠡᠮᠦᠷᠯᠢᠭ ᠬᠠᠶᠢᠯᠤᠭᠤᠯᠬᠤ᠂ ᠠᠭᠤᠷᠬᠠᠢ ᠶᠢᠨ ᠦᠢᠯᠡᠰ᠂ ᠨᠡᠭᠦᠷᠡᠰᠦ᠂ ᠬᠤᠪᠤᠷ ᠰᠢᠷᠤᠢ ᠪᠠᠷ ᠤᠨᠴᠠᠯᠢᠭ ᠪᠤᠯᠭᠠᠬᠰᠠᠨ ᠤᠯᠠᠨ ᠰᠢᠨᠵᠢᠯᠡᠭᠡᠨ ᠤ ᠴᠢᠨᠠᠷᠳᠠᠢ ᠶᠡᠭᠡ ᠰᠤᠷᠭᠠᠭᠤᠯᠢ ᠪᠤᠯᠤᠨ᠎ᠠ᠃ ᠦᠪᠦᠷ ᠮᠤᠩᠭᠤᠯ ᠤᠨ ᠰᠢᠨᠵᠢᠯᠡᠭᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠶᠢᠨ ᠤᠶᠤᠳᠠᠳ ᠤᠨ ᠠᠲᠠᠯ ᠦᠢᠯᠡᠰ ᠴᠤᠭᠴᠠᠯᠠᠬᠤ ᠨᠡᠪᠴᠢᠬᠦᠯᠦᠬᠦᠷ ᠤᠨ ᠰᠠᠭᠤᠷᠢᠨ ᠭᠠᠵᠠᠷ᠂ ᠲᠠᠳᠤᠯᠭ᠎ᠠ ᠰᠤᠷᠢᠯᠳᠠ ᠶᠢᠨ ᠰᠠᠭᠤᠷᠢᠨ ᠭᠠᠵᠠᠷ ᠲᠤ᠂ ᠪᠦ᠋ ᠰᠢᠶᠤᠤ ᠯᠢᠨ ᠰᠤᠷᠤᠬᠴᠢᠳ ᠲᠠᠢ ᠲᠤᠳᠤᠨᠤ ᠪᠠᠷ ᠶᠠᠷᠢᠯᠴᠠᠵᠤ᠂ ᠲᠡᠳᠡᠨ ᠢ ᠲᠤᠰᠬᠠᠢ ᠮᠡᠷᠭᠡᠵᠢᠯ ᠤᠨ ᠮᠡᠳᠡᠯᠭᠡ ᠪᠠᠨ ᠰᠠᠶᠢᠲᠤᠷ ᠰᠤᠷᠤᠯᠴᠠᠨ᠂ ᠠᠲᠠᠯ ᠦᠢᠯᠡᠰ ᠴᠤᠭᠴᠠᠯᠠᠬᠤ ᠤᠬᠠᠮᠰᠠᠷ ᠢᠶᠠᠨ ᠴᠢᠩᠭᠠᠷᠠᠭᠤᠯᠤᠭᠠᠷᠠᠢ ᠬᠡᠵᠤ ᠵᠤᠷᠢᠬᠵᠢᠭᠤᠯᠪᠠ᠃ ᠦᠪᠦᠷ ᠮᠤᠩᠭᠤᠯ ᠤᠨ ᠰᠢᠨᠵᠢᠯᠡᠭᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠶᠢᠨ ᠮᠤᠵᠢ ᠶᠠᠮᠤᠨ ᠬᠠᠮᠳᠤᠪᠡᠷ ᠪᠠᠶᠢᠭᠤᠯᠬᠤ ᠤᠯᠤᠰ ᠤᠨ ᠭᠤᠤᠯᠳᠠᠯᠭ᠎ᠠ ᠲᠠᠢ ᠲᠤᠷᠰᠢᠯᠳᠠ ᠶᠢᠨ ᠲᠠᠰᠤᠭ ᠤᠨ ᠪᠤᠶᠢᠵᠢᠭᠤᠯᠬᠤ ᠰᠠᠭᠤᠷᠢᠨ ᠭᠠᠵᠠᠷ ᠪᠤᠯᠤᠨ ᠪᠠᠶ᠋ᠬᠠᠤᠪᠤᠭ᠎ᠠ ᠶᠢᠨ ᠲᠠᠭᠠᠯᠳᠠ ᠠᠭᠤᠷᠬᠠᠢ ᠶᠢᠨ ᠬᠠᠶᠠᠬᠳᠠᠮᠠᠯ ᠪᠤᠳᠠᠰ ᠤᠨ ᠡᠬᠢ ᠪᠠᠶᠠᠯᠢᠬ ᠢ ᠶᠡᠷᠦᠩᠭᠡᠶᠢᠯᠡᠨ ᠠᠰᠢᠬᠯᠠᠬᠤ ᠤᠯᠤᠰ ᠪᠠ ᠤᠷᠤᠨ ᠨᠤᠳᠤᠭ ᠤᠨ ᠬᠠᠮᠳᠤᠷᠠᠬᠰᠠᠨ ᠢᠨᠵᠧᠨᠧᠷᠢᠩ ᠤᠨ ᠰᠤᠳᠤᠯᠭᠠᠨ ᠤ ᠲᠦᠪ ᠲᠤ᠂ ᠪᠦ᠋ ᠰᠢᠶᠤᠤ ᠯᠢᠨ ᠲᠤᠨᠤᠭ ᠲᠦᠭᠦᠭᠡᠷᠦᠮᠵᠢ ᠶᠢᠨ ᠲᠤᠬᠢᠷᠠᠭᠤᠯᠤᠯᠳᠠ᠂ ᠰᠢᠨᠵᠢᠯᠡᠭᠦ ᠤᠬᠠᠭᠠᠨ ᠮᠡᠷᠭᠡᠵᠢᠯ ᠤᠨ ᠰᠤᠳᠤᠯᠤᠯᠳᠠ ᠨᠡᠬᠡᠭᠡᠯᠳᠡ ᠠᠰᠢᠬᠯᠠᠯᠳᠠ ᠵᠡᠷᠭᠡ ᠪᠠᠶᠢᠳᠠᠯ ᠢ ᠨᠢᠮᠪᠠᠢ ᠪᠠᠶᠢᠴᠠᠭᠠᠨ ᠦᠵᠡᠪᠡ᠃ ᠪᠦ᠋ ᠰᠢᠶᠤᠤ ᠯᠢᠨ᠂ ᠦᠢᠯᠡᠳᠪᠦᠷᠢᠯᠡᠯ ᠰᠤᠷᠭᠠᠭᠤᠯᠢ ᠰᠤᠳᠤᠯᠤᠯ ᠤᠨ ᠬᠦᠨᠵᠡᠭᠡᠢ ᠠᠭᠤᠰᠤᠯᠴᠠᠯ ᠢ ᠠᠬᠢᠭᠤᠯᠵᠤ᠂ ᠵᠠᠩᠬᠢᠯᠠᠭ᠎ᠠ ᠶᠢᠨ ᠭᠤᠤᠯᠯᠠᠬᠤ ᠮᠡᠷᠭᠡᠵᠢᠯ ᠤᠨ ᠰᠢᠪᠲᠤᠯᠤᠯᠲᠠ ᠶᠢᠨ ᠲᠠᠯ᠎ᠠ ᠪᠠᠷ ᠨᠢᠭᠡ ᠪᠦᠯᠦᠭ ᠴᠢᠨᠠᠷ ᠰᠠᠶᠢᠲᠠᠢ ᠰᠤᠳᠤᠯᠭᠠᠨ ᠤ ᠦᠷ᠎ᠠ ᠪᠦᠳᠦᠭᠡᠯ ᠭᠠᠷᠭᠠᠵᠤ᠂ ᠲᠤᠳᠤᠭᠠᠳᠤ ᠠᠭᠤᠯᠤᠬᠳᠠᠬᠤᠨ ᠤ ᠮᠠᠶ᠋ᠢᠭ ᠤᠨ ᠬᠦᠭᠵᠢᠯᠳᠡ ᠶᠢ ᠪᠡᠶᠡᠯᠡᠭᠦᠯᠭᠦ ᠬᠡᠷᠡᠭᠳᠡᠢ ᠬᠡᠵᠤ ᠴᠢᠬᠤᠯᠠᠴᠢᠯᠠᠪᠠ᠃
     11 ᠳ᠋ᠤᠭᠡᠷ ᠰᠠᠷ᠎ᠠ ᠶᠢᠨ 22 ᠤᠨ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠪᠤᠭᠤᠳᠤ ᠶᠢᠨ ᠪᠤᠯᠤᠳ ᠲᠡᠮᠦᠷ ︵ᠪᠦᠯᠦᠭᠯᠡᠯ︶ ᠤᠨ ᠺᠤᠮᠫᠠᠨᠢ ᠶᠢᠨ ᠬᠤᠪᠤᠷ ᠰᠢᠷᠤᠢ ᠶᠢᠨ ᠪᠤᠯᠤᠳ ᠬᠠᠪᠳᠠᠰᠤᠨ ᠮᠠᠲ᠋ᠧᠷᠢᠶᠠᠯ ᠤᠨ ᠦᠢᠯᠡᠳᠪᠦᠷᠢ ᠶᠢᠨ ᠬᠦᠢᠲᠡᠨ ᠬᠡᠪᠰᠢᠬᠦᠯᠭᠡ ᠶᠢᠨ ᠦᠢᠯᠡᠳᠪᠦᠷᠢᠯᠡᠯ ᠤᠨ ᠱᠤᠭᠤᠮ ᠢ ᠪᠠᠶᠢᠴᠠᠭᠠᠨ ᠰᠤᠳᠤᠯᠪᠠ᠃      ᠪᠤᠭᠤᠳᠤ ᠶᠢᠨ ᠪᠤᠯᠤᠳ ᠲᠡᠮᠦᠷ ︵ᠪᠦᠯᠦᠭᠯᠡᠯ︶ ᠤᠨ ᠬᠢᠵᠠᠭᠠᠷᠳᠦ ᠬᠠᠷᠢᠭᠤᠴᠠᠯᠭᠠᠳᠦ ᠺᠤᠮᠫᠠᠨᠢ ᠳᠤ᠂ ᠪᠦ᠋ ᠰᠢᠶᠤᠤ ᠯᠢᠨ ᠦᠪᠦᠷ ᠮᠤᠩᠭᠤᠯ ᠤᠨ ᠪᠤᠯᠤᠳ ᠲᠡᠮᠦᠷ ᠤᠨ ᠭᠤᠤᠯ ᠰᠡᠳᠦᠪᠳᠦ ᠴᠡᠴᠡᠷᠯᠢᠭ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠵᠢᠴᠢ ᠪᠤᠭᠤᠳᠤ ᠶᠢᠨ ᠪᠤᠯᠤᠳ ᠲᠡᠮᠦᠷ ᠤᠨ ᠬᠤᠪᠤᠷ ᠰᠢᠷᠤᠢ ᠶᠢᠨ ᠪᠤᠯᠤᠳ ᠪᠤᠯᠪᠠᠰᠤᠷᠠᠭᠤᠯᠬᠤ ᠲᠡᠮᠦᠷ ᠬᠠᠶᠢᠯᠤᠭᠤᠯᠬᠤ ᠦᠢᠯᠡᠳᠪᠦᠷᠢ ᠶᠢᠨ 7᠂ 8 ᠳ᠋ᠤᠭᠠᠷ ᠨᠤᠮᠧᠷᠳᠦ ᠬᠠᠶᠢᠯᠤᠭᠤᠯᠬᠤ ᠵᠤᠤᠬ᠎ᠠ ᠶᠢᠨ ᠭᠤᠤᠯ ᠡᠵᠡᠮᠳᠡᠭᠦ ᠲᠠᠰᠤᠭ᠂ ᠬᠤᠪᠤᠷ ᠰᠢᠷᠤᠢ ᠶᠢᠨ ᠪᠤᠯᠤᠳ ᠬᠠᠪᠲᠠᠰᠤᠨ ᠮᠠᠲ᠋ᠧᠷᠢᠶᠠᠯ ᠤᠨ ᠦᠢᠯᠡᠳᠪᠦᠷᠢ ᠶᠢᠨ ᠬᠦᠢᠲᠡᠨ ᠬᠡᠪᠰᠢᠬᠦᠯᠭᠡ ᠶᠢᠨ ᠦᠢᠯᠡᠳᠪᠦᠷᠢᠯᠡᠯ ᠤᠨ ᠱᠤᠭᠤᠮ ᠪᠠ ᠳ᠋ᠢᠶᠠᠮᠧᠲᠷ ᠨᠢ 159 ᠮᠢᠯᠢᠮᠧᠲᠷ ᠪᠦᠬᠦᠢ ᠵᠠᠭᠠᠳᠠᠰᠤ ᠦᠭᠡᠢ ᠪᠤᠯᠤᠳ ᠬᠤᠭᠤᠯᠠᠢ ᠶᠢᠨ ᠦᠢᠯᠡᠳᠪᠦᠷᠢᠯᠡᠯ ᠤᠨ ᠱᠤᠭᠤᠮ ᠢ ᠪᠤᠳᠠᠳᠠᠢ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠦᠢᠯᠡᠳᠪᠦᠷᠢᠯᠡᠯ ᠤᠨ ᠤᠷᠠᠯᠠᠯ ᠤᠨ ᠶᠠᠪᠤᠴᠠ᠂ ᠦᠢᠯᠡᠳᠭᠦᠨ ᠤ ᠲᠦᠷᠦᠯ ᠵᠦᠢᠯ᠂ ᠵᠠᠬ᠎ᠠ ᠲᠡᠯᠭᠡᠭᠦᠷ ᠤᠨ ᠪᠤᠷᠤᠯᠠᠭᠤᠯᠭ᠎ᠠ ᠶᠢᠨ ᠵᠠᠮ ᠵᠢᠴᠢ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠳᠡ᠂ ᠦᠭᠡᠷᠡᠴᠢᠯᠡᠯᠳᠡ ᠬᠢᠵᠤ ᠰᠢᠨ᠎ᠠ ᠶᠢ ᠡᠭᠦᠳᠦᠭᠰᠡᠨ᠂ ᠪᠦᠳᠦᠴᠡ ᠶᠢᠨ ᠲᠤᠬᠢᠷᠠᠭᠤᠯᠤᠯᠳᠠ ᠵᠡᠷᠭᠡ ᠪᠠᠶᠢᠳᠠᠯ ᠢ ᠨᠢ ᠨᠠᠷᠢᠨ ᠤᠶᠢᠯᠠᠭᠠᠪᠠ᠃ ᠪᠦ᠋ ᠰᠢᠶᠤᠤ ᠯᠢᠨ᠂ ᠶᠠᠰᠦ ᠴᠢᠨᠠᠷ ᠢ ᠲᠡᠷᠢᠭᠦᠨ ᠳᠤ ᠲᠠᠯᠪᠢᠬᠤ᠂ ᠦᠷ᠎ᠠ ᠠᠰᠢᠭ ᠢ ᠲᠡᠷᠢᠭᠦᠨ ᠳᠤ ᠲᠠᠯᠪᠢᠬᠤ ᠶᠢ ᠪᠠᠷᠢᠮᠳᠠᠯᠠᠵᠤ᠂ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠪᠠᠷ ᠭᠤᠤᠯ ᠰᠢᠵᠢᠮ ᠪᠤᠯᠭᠠᠨ᠂ ᠠᠵᠤ ᠠᠬᠤᠶᠢᠯᠠᠯ ᠤᠨ ᠰᠢᠨ᠎ᠠ ᠶᠢ ᠡᠭᠦᠳᠭᠦ ᠴᠢᠳᠠᠪᠤᠷᠢ ᠪᠤᠯᠤᠨ ᠦᠷᠢᠰᠦᠯᠳᠦᠭᠦ ᠬᠦᠴᠦᠨ ᠢᠶᠠᠨ ᠲᠠᠰᠤᠷᠠᠯᠳᠠ ᠦᠭᠡᠢ ᠲᠡᠭᠡᠭᠰᠢᠯᠡᠭᠦᠯᠭᠦ ᠬᠡᠷᠡᠭᠳᠡᠢ ᠬᠡᠵᠤ ᠴᠢᠬᠤᠯᠠᠴᠢᠯᠠᠵᠠᠢ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠡᠭᠭᠤ ᠶᠢᠨ ᠬᠡᠰᠢᠭᠦᠨ᠂ ᠪᠤᠭᠤᠳᠤ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠵᠠᠩ ᠶᠤᠸᠠᠨ ᠵᠦᠩ ᠵᠢᠴᠢ ᠦᠪᠡᠷᠳᠡᠭᠡᠨ ᠵᠠᠰᠠᠬᠤ ᠤᠷᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ᠂ ᠮᠦᠩᠭᠦᠨ ᠬᠦᠢᠯᠭᠡᠭᠡᠨ ᠤ ᠪᠠᠶᠢᠭᠤᠯᠤᠮᠵᠢ ᠶᠢᠨ ᠬᠠᠷᠢᠭᠤᠴᠠᠯᠭᠠᠳᠠᠨ ᠨᠦᠬᠦᠳ ᠬᠠᠮᠳᠤ ᠪᠠᠶᠢᠴᠠᠭᠠᠨ ᠰᠤᠳᠤᠯᠪᠠ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号