ᠥᠪᠥᠷ ᠮᠣᠩᠭᠤᠯ ᠤᠯᠠᠨ ᠡᠰᠢᠲᠦ ᠨᠡᠶᠢᠯᠡᠮᠡᠯ ᠮᠠᠶ᠋ᠢᠭ ᠤᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠠᠷᠭ᠎ᠠ ᠬᠡᠯᠪᠡᠷᠢ ᠶᠢ ᠪᠦᠬᠦ ᠲᠠᠯ᠎ᠠ ᠪᠠᠷ ᠬᠡᠷᠡᠭᠵᠢᠭᠦᠯᠪᠡ
ᠨᠡᠶᠢᠲᠡᠯᠡᠭᠰᠡᠨ ᠴᠠᠭ᠄
2017/11/23
     11 ᠳ᠋ᠦ᠋ᠭᠡᠷ ᠰᠠᠷ᠎ᠠ ᠶᠢᠨ 21 ᠤ ᠡᠳᠦᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠦᠨᠳᠦᠰᠦᠨ ᠳᠠᠭᠠᠳᠬᠠᠯ ᠤᠨ ᠰᠦᠢᠳᠬᠡᠯ ᠲᠤᠰᠢᠶᠠᠬᠤ ᠠᠷᠭ᠎ᠠ ᠬᠡᠯᠪᠡᠷᠢ ᠶᠢᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠲᠤᠬᠠᠶ ᠬᠡᠷᠡᠭᠵᠢᠭᠦᠯᠬᠦ ᠲᠥᠰᠦᠯ︾ ︵ᠳᠣᠷᠣᠭᠰᠢ ︽ᠲᠥᠰᠦᠯ︾ ᠭᠡᠵᠦ ᠲᠣᠪᠴᠢᠯᠠᠨ᠎ᠠ︶ ᠢ ᠨᠡᠶᠢᠲᠡᠯᠡᠪᠡ᠃ ︽ᠲᠥᠰᠦᠯ︾ ᠳᠤ᠂ ᠥᠪᠡᠷᠲᠡᠭᠡᠨ ᠵᠠᠰᠠᠬᠤ ᠣᠷᠣᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠲᠥᠰᠦᠪ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠶᠡᠷᠦᠩᠬᠡᠢ ᠲᠤᠭ᠎ᠠ ᠶᠢᠨ ᠲᠥᠰᠦᠪ ᠤᠨ ᠰᠠᠭᠤᠷᠢᠨ ᠳᠡᠭᠡᠷ᠎ᠡ᠂ ᠡᠪᠡᠳᠴᠢᠨ ᠤ ᠲᠥᠷᠥᠯ ᠢᠶᠠᠷ ᠰᠦᠢᠳᠬᠡᠯ ᠲᠤᠰᠢᠶᠠᠬᠤ ᠪᠠᠷ ᠭᠤᠣᠯ ᠪᠣᠯᠭᠠᠭᠰᠠᠨ ᠤᠯᠠᠨ ᠡᠰᠢᠲᠦ ᠨᠡᠶᠢᠯᠡᠮᠡᠯ ᠮᠠᠶ᠋ᠢᠭ ᠤᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠠᠷᠭ᠎ᠠ ᠬᠡᠯᠪᠡᠷᠢ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ 2017 ᠣᠨ ᠤ ᠵᠢᠯ ᠤᠨ ᠡᠴᠦᠰ ᠲᠤ ᠡᠯ᠎ᠡ ᠭᠠᠵᠠᠷ ᠤᠨ ᠬᠢᠨ ᠤ ᠡᠪᠡᠳᠴᠢᠨ ᠤ ᠲᠥᠷᠥᠯ ᠢᠶᠠᠷ ᠰᠦᠢᠳᠬᠡᠯ ᠲᠤᠰᠢᠶᠠᠬᠤ ᠡᠪᠡᠳᠴᠢᠨ ᠢ 100 ᠠᠴᠠ ᠳᠤᠲᠠᠭᠤ ᠦᠭᠡᠢ ᠪᠠᠶᠢᠯᠭᠠᠵᠤ᠂ ᠨᠥᠬᠦᠴᠡᠯ ᠲᠠᠢ ᠭᠠᠵᠠᠷ ᠣᠷᠣᠨ ᠨᠢ ᠡᠪᠡᠳᠴᠢᠨ ᠡᠮᠭᠡᠭ ᠤᠨ ᠣᠨᠣᠰᠢᠯᠠᠯᠲᠠ ᠪᠠᠷ ᠬᠤᠯᠪᠤᠭᠳᠠᠯ ᠪᠦᠬᠦᠢ ᠳᠤᠭᠤᠶᠢᠯᠠᠩ ᠬᠤᠪᠢᠶᠠᠨ ︵DRGs︶ ᠰᠦᠶᠳᠬᠡᠯ ᠲᠤᠰᠢᠶᠠᠬᠤ ᠲᠤᠷᠰᠢᠯᠲᠠ ᠬᠢᠵᠦ᠂ ᠡᠯ᠎ᠡ ᠭᠠᠵᠠᠷ ᠣᠷᠣᠨ ᠬᠥᠮᠦᠨ ᠤ ᠲᠤᠭ᠎ᠠ ᠪᠠᠷ᠂ ᠣᠷᠣ ᠶᠢᠨ ᠡᠳᠦᠷ ᠢᠶᠠᠷ ᠪᠤᠳᠤᠬᠤ ᠵᠡᠷᠭᠡ ᠰᠦᠢᠳᠬᠡᠯ ᠲᠤᠰᠢᠶᠠᠬᠤ ᠤᠯᠠᠨ ᠵᠦᠢᠯ ᠤᠨ ᠠᠷᠭ᠎ᠠ ᠬᠡᠯᠪᠡᠷᠢ ᠶᠢ ᠢᠳᠡᠪᠬᠢᠲᠡᠢ ᠦᠷᠨᠢᠭᠦᠯᠬᠦ ᠶᠢ ᠨᠢ ᠵᠤᠷᠢᠭᠵᠢᠭᠤᠯᠤᠨ᠎ᠠ᠃ 2020 ᠣᠨ ᠪᠣᠯᠬᠤ ᠳᠤ᠂ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠠᠷᠭ᠎ᠠ ᠬᠡᠯᠪᠡᠷᠢ ᠶᠢᠨ ᠥᠭᠡᠷᠡᠴᠢᠯᠡᠯᠲᠡ ᠶᠢ ᠪᠤᠶ ᠪᠦᠬᠦᠢ ᠡᠮ ᠡᠮᠨᠡᠯᠭᠡ ᠶᠢᠨ ᠪᠠᠶᠢᠭᠤᠯᠤᠮᠵᠢ ᠪᠣᠯᠤᠨ ᠡᠮᠴᠢᠯᠡᠭᠡᠨ ᠤ ᠦᠢᠯᠡᠴᠢᠯᠡᠭᠡ ᠶᠢ ᠪᠦᠷᠬᠦᠭᠦᠯᠵᠦ᠂ ᠪᠦᠬᠦ ᠣᠷᠣᠨ ᠳᠤ ᠠᠳᠠᠯᠢ ᠪᠤᠰᠤ ᠡᠪᠡᠳᠴᠢᠨ ᠡᠮᠭᠡᠭ᠂ ᠠᠳᠠᠯᠢ ᠪᠤᠰᠤ ᠦᠢᠯᠡᠴᠢᠯᠡᠭᠡᠨ ᠤ ᠤᠨᠴᠠᠯᠢᠭ ᠲᠤ ᠵᠤᠬᠢᠴᠠᠭᠰᠠᠨ ᠤᠯᠠᠨ ᠡᠰᠢᠲᠦ ᠨᠡᠶᠢᠯᠡᠮᠡᠯ ᠮᠠᠶ᠋ᠢᠭ ᠤᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠠᠷᠭ᠎ᠠ ᠬᠡᠯᠪᠡᠷᠢ ᠶᠢ ᠨᠡᠶᠢᠳᠡᠮ ᠬᠡᠷᠡᠭᠵᠢᠭᠦᠯᠵᠦ᠂ ᠲᠥᠷᠥᠯ ᠵᠦᠢᠯ ᠢᠶᠠᠷ ᠰᠦᠢᠳᠬᠡᠯ ᠲᠤᠰᠢᠶᠠᠬᠤ ᠬᠠᠷᠢᠴᠠᠯ ᠢ ᠮᠡᠳᠡᠭᠳᠡᠮ᠎ᠡ ᠳᠤᠷᠤᠭᠰᠢᠯᠠᠭᠤᠯᠤᠨ᠎ᠠ ᠭᠡᠵᠦ ᠲᠤᠳᠤᠷᠬᠠᠶᠢᠯᠠᠵᠡᠢ᠃      ᠣᠶᠢᠯᠠᠭᠠᠭᠰᠠᠨ ᠢᠶᠠᠷ᠂ ᠡᠨᠡ ᠤᠳᠠᠭᠠᠨ ᠤ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠠᠷᠭ᠎ᠠ ᠶᠢᠨ ᠥᠭᠡᠷᠡᠴᠢᠯᠡᠯᠲᠡ ᠳᠤ ᠭᠤᠣᠯᠳᠠᠭᠤ ᠡᠪᠡᠳᠴᠢᠨ ᠤ ᠳᠦᠷᠦᠯ ᠢᠶᠠᠷ ᠰᠦᠢᠳᠬᠡᠯ ᠲᠤᠰᠢᠶᠠᠬᠤ ᠶᠢ ᠪᠦᠬᠦ ᠲᠠᠯ᠎ᠠ ᠪᠠᠷ ᠬᠡᠷᠡᠭᠵᠢᠭᠦᠯᠬᠦ᠂ ᠣᠷᠣ ᠶᠢᠨ ᠡᠳᠦᠷ ᠢᠶᠠᠷ ᠰᠦᠢᠳᠬᠡᠯ ᠲᠤᠰᠢᠶᠠᠬᠤ ᠶᠢ ᠳᠡᠯᠭᠡᠷᠡᠭᠦᠯᠦᠨ ᠬᠡᠷᠡᠭᠵᠢᠭᠦᠯᠬᠦ᠂ ᠲᠤᠷᠰᠢᠯᠲᠠ ᠶᠢᠨ ᠴᠢᠭ᠋ ᠲᠤ ᠡᠪᠡᠳᠴᠢᠨ ᠡᠮᠭᠡᠭ ᠤᠨ ᠣᠨᠣᠰᠢᠯᠠᠯᠲᠠ ᠪᠠᠷ ᠬᠤᠯᠪᠤᠭᠳᠠᠯ ᠪᠦᠬᠦᠢ ᠳᠤᠭᠤᠶᠢᠯᠠᠩ ᠬᠤᠪᠢᠶᠠᠨ ︵DRGs︶ ᠰᠦᠢᠳᠬᠡᠯ ᠲᠤᠰᠢᠶᠠᠬᠤ ᠶᠢ ᠦᠷᠨᠢᠭᠦᠯᠬᠦ᠂ ᠡᠭᠦᠳᠡᠨ ᠡᠮᠨᠡᠯᠭᠡ ᠶᠢᠨ ᠬᠥᠮᠦᠨ ᠤ ᠲᠤᠭ᠎ᠠ ᠪᠠᠷ ᠰᠦᠢᠳᠬᠡᠯ ᠲᠤᠰᠢᠶᠠᠬᠤ ᠲᠦᠷᠢᠮ ᠢ ᠪᠠᠶᠢᠭᠤᠯᠤᠨ ᠲᠡᠭᠦᠯᠳᠡᠷᠵᠢᠭᠦᠯᠬᠦ᠂ ᠮᠣᠩᠭᠤᠯ ᠬᠢᠲᠠᠳ ᠡᠮ ᠡᠮᠨᠡᠯᠭᠡ ᠶᠢᠨ ᠦᠢᠯᠡᠴᠢᠯᠡᠭᠡ ᠶᠢ ᠬᠡᠷᠡᠭᠯᠡᠬᠦ ᠶᠢ ᠵᠣᠷᠢᠭᠵᠢᠭᠤᠯᠤᠨ ᠳᠡᠮᠵᠢᠬᠦ ᠵᠡᠷᠭᠡ 5 ᠲᠠᠯ᠎ᠠ ᠶᠢᠨ ᠠᠭᠤᠯᠭ᠎ᠠ ᠪᠠᠭᠲᠠᠨ᠎ᠠ᠃ ᠡᠭᠦᠨ ᠳᠤ ᠭᠤᠣᠯᠳᠠᠭᠤ᠄ ᠡᠮ ᠡᠮᠨᠡᠯᠭᠡ ᠶᠢᠨ ᠵᠠᠷᠤᠳᠠᠯ ᠨᠡᠯᠢᠶᠡᠳ ᠲᠣᠭᠲᠠᠪᠤᠷᠢᠲᠠᠶ᠂ ᠡᠮᠨᠡᠯᠭᠡ ᠠᠴᠠ ᠭᠠᠷᠤᠭᠰᠠᠨ ᠡᠪᠡᠳᠴᠢᠨ ᠤ ᠵᠢᠱᠢᠶ᠎ᠡ ᠨᠡᠯᠢᠶᠡᠳ ᠠᠷᠪᠢᠨ᠂ ᠡᠮᠨᠡᠨ ᠵᠠᠰᠠᠬᠤ ᠠᠷᠭ᠎ᠠ ᠬᠠᠷᠢᠴᠠᠩᠭᠤᠶ ᠪᠣᠯᠪᠠᠰᠤᠷᠠᠩᠭᠤᠶ᠂ ᠡᠮᠴᠢᠯᠡᠭᠡᠨ ᠤ ᠲᠤᠰᠠ ᠨᠢ ᠪᠠᠲᠤᠲᠠᠶ᠂ ᠬᠤᠪᠢ ᠪᠡᠶ᠎ᠡ ᠶᠢᠨ ᠵᠥᠷᠢᠶ᠎ᠡ ᠨᠡᠯᠢᠶᠡᠳ ᠪᠠᠭ᠎ᠠ᠂ ᠡᠮᠴᠢᠯᠡᠭᠡᠨ ᠤ ᠵᠠᠮ ᠮᠥᠷ ᠤᠨ ᠬᠠᠮᠢᠶᠠᠷᠤᠯᠲᠠ ᠳᠤ ᠤᠷᠤᠭᠤᠯᠤᠭᠰᠠᠨ ᠡᠪᠡᠳᠴᠢᠨ ᠤ ᠵᠦᠢᠯ ᠢ ᠰᠤᠩᠭᠤᠨ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢ ᠪᠠᠭᠲᠠᠭᠠᠭᠰᠠᠨ ᠡᠯ᠎ᠡ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠡᠪᠡᠳᠴᠢᠨ ᠤ ᠳᠦᠷᠦᠯ ᠢᠶᠠᠷ ᠰᠦᠢᠳᠬᠡᠯ ᠲᠤᠰᠢᠶᠠᠬᠤ ᠶᠢ ᠬᠡᠷᠡᠭᠵᠢᠭᠦᠯᠦᠭᠰᠡᠨ ᠪᠠ ᠡᠭᠦᠨ ᠤ ᠵᠡᠷᠭᠡᠴᠡᠭᠡᠪᠡᠷ᠂ ᠡᠮ ᠡᠮᠨᠡᠯᠭᠡ ᠶᠢᠨ ᠪᠠᠶᠢᠭᠤᠯᠤᠮᠵᠢ ᠶᠢᠨ ᠳᠡᠰ ᠢᠯᠭᠠᠯ᠂ ᠡᠪᠡᠳᠴᠢᠨ ᠤ ᠲᠦᠷᠦᠯ ᠤᠨ ᠡᠮᠴᠢᠯᠡᠭᠡᠨ  ᠤ ᠠᠷᠭ᠎ᠠ ᠵᠠᠮ ᠪᠠ ᠡᠪᠡᠳᠴᠢᠨ ᠨᠢᠭᠡᠪᠦᠷᠢ ᠶᠢᠨ 2 ᠠᠴᠠ 3 ᠵᠢᠯ ᠤᠨ ᠳᠤᠮᠳᠠᠴᠢ ᠵᠠᠷᠤᠳᠠᠯ ᠤᠨ ᠪᠠᠷᠢᠮᠵᠢᠶ᠎ᠠ ᠪᠠᠷ ᠦᠨᠳᠦᠰᠦᠨ ᠬᠡᠮᠵᠢᠨ ᠪᠤᠳᠤᠬᠤ ᠦᠨᠳᠦᠰᠦᠯᠡᠯ ᠪᠤᠯᠭᠠᠨ᠂ ᠡᠪᠡᠳᠴᠢᠨ ᠤ ᠲᠥᠷᠥᠯ ᠢᠶᠠᠷ ᠰᠦᠢᠳᠬᠡᠯ ᠲᠤᠰᠢᠶᠠᠬᠤ ᠪᠠᠷᠢᠮᠵᠢᠶ᠎ᠠ ᠶᠢ ᠵᠦᠢ ᠵᠣᠬᠢᠰᠲᠠᠶ ᠵᠢᠱᠢᠨ ᠪᠣᠳᠣᠵᠤ ᠲᠤᠭᠲᠠᠭᠠᠬᠤ︔ ᠡᠯ᠎ᠡ ᠭᠠᠵᠠᠷ ᠣᠷᠣᠨ ᠨᠤᠭᠤᠳ 2017 ᠤᠨ ᠤ 12 ᠳ᠋ᠤᠭᠠᠷ ᠰᠠᠷ᠎ᠠ ᠠᠴᠠ ᠡᠮᠦᠨ᠎ᠡ ᠡᠪᠡᠳᠴᠢᠨ ᠤ ᠲᠥᠷᠥᠯ ᠢᠶᠠᠷ ᠰᠦᠢᠳᠬᠡᠯ ᠲᠤᠰᠢᠶᠠᠬᠤ ᠬᠡᠷᠡᠭᠵᠢᠭᠦᠯᠬᠦ ᠲᠥᠰᠦᠯ ᠢ ᠨᠡᠶᠢᠲᠡᠯᠡᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠪᠡᠳᠴᠢᠨ ᠤ ᠲᠦᠷᠦᠯ᠂ ᠡᠯ᠎ᠡ ᠳᠡᠰ ᠢᠯᠭᠠᠯ ᠤᠨ ᠡᠮᠴᠢᠯᠡᠭᠡᠨ ᠤ ᠪᠠᠶᠢᠭᠤᠯᠤᠮᠵᠢ ᠶᠢᠨ ᠰᠦᠢᠳᠬᠡᠯ ᠲᠤᠰᠢᠶᠠᠬᠤ ᠪᠠᠷᠢᠮᠵᠢᠶ᠎ᠠ᠂ ᠡᠮᠴᠢᠯᠡᠬᠦ ᠴᠤᠪᠤᠷᠠᠯ ᠪᠠ ᠳᠠᠩᠰᠠ ᠲᠠᠶᠢᠯᠬᠤ ᠲᠥᠷᠥ ᠶᠢᠨ ᠪᠤᠳᠤᠯᠭ᠎ᠠ ᠶᠢ ᠲᠤᠭᠲᠠᠭᠠᠵᠤ᠂ 2018 ᠣᠨ ᠠᠴᠠ ᠡᠬᠢᠯᠡᠨ᠂ ᠲᠦᠷᠦ ᠶᠢᠨ ᠪᠤᠳᠤᠯᠭ᠎ᠠ ᠪᠠᠨ ᠪᠦᠷᠢᠨᠰᠢᠭᠦᠯᠦᠭᠰᠡᠨ ᠰᠠᠭᠤᠷᠢᠨ ᠳᠡᠭᠡᠷ᠎ᠡ ᠡᠪᠡᠳᠴᠢᠨ ᠤ ᠲᠥᠷᠥᠯ ᠢᠶᠠᠷ ᠰᠦᠢᠳᠬᠡᠯ ᠲᠤᠰᠢᠶᠠᠬᠤ ᠡᠪᠡᠳᠴᠢᠨ ᠤ ᠲᠦᠷᠦᠯ ᠤᠨ ᠲᠤᠭ᠎ᠠ ᠶᠢ ᠤᠯᠠᠮ ᠨᠢᠭᠡ ᠠᠯᠬᠤᠮ ᠨᠡᠮᠡᠭᠳᠡᠭᠦᠯᠵᠦ᠂ ᠡᠮᠴᠢᠯᠡᠭᠡᠨ ᠤ ᠪᠠᠶᠢᠭᠤᠯᠤᠮᠵᠢ ᠶᠢᠨ ᠬᠠᠮᠤᠷᠬᠤ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠬᠡᠬᠦ︔ ᠤᠷᠲᠤ ᠬᠤᠭᠤᠴᠠᠭ᠎ᠠ ᠪᠠᠷ ᠡᠮᠨᠡᠯᠭᠡ ᠳᠤ ᠰᠠᠭᠤᠵᠤ ᠡᠮᠴᠢᠯᠡᠭᠦᠯᠬᠦ ᠴᠢᠬᠤᠯᠠᠲᠠᠢ ᠮᠥᠷᠲᠡᠭᠡᠨ ᠡᠳᠦᠷ ᠤᠨ ᠳᠤᠮᠳᠠᠴᠢ ᠵᠠᠷᠤᠳᠠᠯ ᠨᠢ ᠨᠡᠯᠢᠶᠡᠳ ᠲᠣᠭᠲᠠᠪᠤᠷᠢᠲᠠᠶ ᠡᠪᠡᠳᠴᠢᠨ  ᠳᠤ ᠣᠷᠣ ᠶᠢᠨ ᠡᠳᠦᠷ ᠢᠶᠠᠷ ᠰᠦᠢᠳᠬᠡᠯ ᠲᠤᠰᠢᠶᠠᠬᠤ ᠶᠢ ᠰᠤᠩᠭᠤᠵᠤ᠂ ᠮᠡᠳᠡᠷᠡᠯ ᠤᠨ ᠡᠪᠡᠳᠴᠢᠨ ᠳᠤ ᠣᠷᠣ ᠶᠢᠨ ᠡᠳᠦᠷ ᠢᠶᠠᠷ ᠰᠦᠢᠳᠬᠡᠯ ᠲᠤᠰᠢᠶᠠᠬᠤ ᠶᠢ ᠤᠷᠢᠳᠠᠪᠠᠷ ᠰᠤᠩᠭᠤᠵᠤ᠂ ᠣᠷᠣ ᠶᠢᠨ ᠡᠳᠦᠷ ᠢᠶᠠᠷ ᠰᠦᠢᠳᠬᠡᠯ ᠲᠤᠰᠢᠶᠠᠬᠤ ᠪᠠᠷᠢᠮᠵᠢᠶ᠎ᠠ ᠶᠢ ᠵᠦᠢ ᠵᠣᠬᠢᠰᠲᠠᠶ ᠲᠣᠭᠲᠠᠭᠠᠬᠤ︔ ᠨᠥᠬᠦᠴᠡᠯ ᠪᠦᠷᠢᠯᠳᠦᠭᠦᠯᠦᠭᠰᠡᠨ ᠭᠠᠵᠠᠷ ᠣᠷᠣᠨ ᠨᠢ ᠡᠪᠡᠳᠴᠢᠨ ᠡᠮᠭᠡᠭ ᠤᠨ ᠣᠨᠣᠰᠢᠯᠠᠯᠲᠠ ᠪᠠᠷ ᠬᠤᠯᠪᠤᠭᠳᠠᠯ ᠪᠦᠬᠦᠢ ᠳᠤᠭᠤᠶᠢᠯᠠᠩ ᠬᠤᠪᠢᠶᠠᠨ ︵DRGs︶ ᠰᠦᠶᠳᠬᠡᠯ ᠲᠤᠰᠢᠶᠠᠬᠤ ᠲᠤᠷᠰᠢᠯᠲᠠ ᠶᠢ ᠦᠷᠨᠢᠭᠦᠯᠵᠦ ᠪᠤᠯᠬᠤ︔ ᠡᠭᠦᠳᠡᠨ ᠡᠮᠨᠡᠯᠭᠡ ᠶᠢᠨ ᠤᠵᠢᠭ ᠴᠢᠨᠠᠷᠲᠠᠢ ᠡᠪᠡᠳᠴᠢᠨ ᠳᠤ ᠬᠥᠮᠦᠨ ᠤ ᠲᠤᠭ᠎ᠠ ᠪᠠᠷ ᠰᠦᠢᠳᠬᠡᠯ ᠲᠤᠰᠢᠶᠠᠬᠤ ᠶᠢ ᠢᠳᠡᠪᠬᠢᠲᠡᠶ ᠳᠡᠯᠭᠡᠷᠡᠭᠦᠯᠵᠦ᠂ ᠰᠢᠬᠢᠷ ᠰᠢᠵᠢᠩ ᠡᠪᠡᠳᠴᠢᠨ᠂ ᠴᠢᠰᠤᠨ ᠳᠠᠷᠤᠯᠲᠠ ᠥᠨᠳᠥᠷ᠂ ᠤᠳᠠᠭᠠᠨ ᠴᠢᠨᠠᠷᠲᠠᠶ ᠪᠥᠭᠡᠷᠡᠨ ᠤ ᠠᠵᠢᠯᠯᠠᠭ᠎ᠠ ᠳᠤᠷᠤᠶᠢᠲᠠᠬᠤ ᠵᠡᠷᠭᠡ ᠡᠮᠴᠢᠯᠡᠨ ᠵᠠᠰᠠᠬᠤ ᠲᠦᠰᠦᠯ ᠤᠨ ᠪᠠᠷᠢᠮᠵᠢᠶ᠎ᠠ᠂ ᠭᠦᠢᠴᠡᠳᠬᠡᠬᠦ ᠲᠤᠭ᠎ᠠ ᠨᠢ ᠲᠣᠳᠣᠷᠬᠠᠶ ᠡᠭᠦᠳᠡᠨ ᠡᠮᠨᠡᠯᠭᠡ ᠶᠢᠨ ᠤᠵᠢᠭ ᠴᠢᠨᠠᠷᠲᠠᠶ ᠡᠪᠡᠳᠴᠢᠨ ᠢ ᠦᠨᠡᠯᠡᠨ ᠵᠢᠱᠢᠬᠦ ᠶᠢ ᠰᠤᠩᠭᠤᠵᠤ᠂ ᠬᠥᠮᠦᠨ ᠲᠤᠭ᠎ᠠ ᠶᠤᠰᠤᠭᠠᠷ ᠰᠦᠢᠳᠬᠡᠯ ᠲᠤᠰᠢᠶᠠᠬᠤ ᠪᠠᠷᠢᠮᠵᠢᠶ᠎ᠠ ᠶᠢ ᠵᠦᠢ ᠵᠣᠬᠢᠰᠲᠠᠶ ᠵᠢᠱᠢᠨ ᠪᠤᠳᠤᠬᠤ︔ ᠡᠩ ᠤᠨ ᠡᠭᠦᠳᠡᠨ ᠡᠮᠨᠡᠯᠭᠡ ᠳᠤ ᠬᠥᠮᠦᠨ ᠤ ᠲᠤᠭ᠎ᠠ ᠪᠠᠷ ᠰᠦᠢᠳᠬᠡᠯ ᠲᠤᠰᠢᠶᠠᠬᠤ ᠶᠢ ᠠᠯᠬᠤᠮ ᠠᠯᠬᠤᠮ ᠢᠶᠠᠷ ᠬᠡᠷᠡᠭᠵᠢᠭᠦᠯᠵᠦ᠂ ᠲᠠᠰ ᠬᠤᠪᠢᠶᠠᠨ ᠡᠮᠨᠡᠬᠦ ᠵᠠᠭᠪᠤᠷ ᠪᠣᠯᠤᠨ ᠭᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡ ᠶᠢᠨ ᠲᠦᠷᠢᠮ ᠤᠨ ᠪᠠᠶᠢᠭᠤᠯᠤᠯᠲᠠ ᠶᠢ ᠳᠡᠮᠵᠢᠵᠦ᠂ ᠡᠩ ᠤᠨ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠬᠦ ᠳᠦᠷᠢᠮ ᠢ ᠠᠯᠬᠤᠮ ᠠᠯᠬᠤᠮ ᠢᠶᠠᠷ ᠪᠠᠶᠢᠭᠤᠯᠵᠤ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠡᠩ ᠤᠨ ᠡᠭᠦᠳᠡᠨ ᠡᠮᠨᠡᠯᠭᠡ ᠳᠤ ᠬᠥᠮᠦᠨ ᠤ ᠲᠤᠭ᠎ᠠ ᠪᠠᠷ ᠰᠦᠢᠳᠬᠡᠯ ᠲᠤᠰᠢᠶᠠᠬᠤ ᠶᠢ ᠦᠷᠨᠢᠭᠦᠯᠵᠦ᠂ ᠳᠠᠭᠠᠳᠬᠠᠯ ᠳᠤ ᠣᠷᠣᠯᠴᠠᠭᠰᠠᠨ ᠬᠥᠮᠦᠰ ᠤᠨ ᠡᠳᠦᠷ ᠲᠤᠳᠤᠮ ᠤᠨ ᠡᠭᠦᠳᠡᠨ ᠡᠮᠨᠡᠯᠭᠡ ᠶᠢᠨ ᠡᠮ ᠡᠮᠨᠡᠯᠭᠡ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ︔ ᠨᠥᠬᠦᠴᠡᠯ ᠳᠤ ᠨᠡᠶᠢᠴᠡᠬᠦ ᠮᠣᠩᠭᠤᠯ ᠡᠮᠨᠡᠯᠭᠡ ᠶᠢᠨ ᠡᠮᠴᠢᠯᠡᠭᠡᠨ ᠤ ᠪᠠᠶᠢᠭᠤᠯᠤᠮᠵᠢ ᠶᠢ ᠡᠮᠨᠡᠯᠭᠡ ᠶᠢᠨ ᠳᠠᠭᠠᠳᠬᠠᠯ ᠤᠨ ᠬᠡᠯᠡᠯᠴᠡᠭᠡᠷᠲᠦ ᠬᠠᠮᠢᠶᠠᠷᠤᠯᠲᠠ ᠶᠢᠨ ᠬᠦᠷᠢᠶ᠎ᠡ ᠬᠡᠪᠴᠢᠶᠡᠨ ᠳᠤ ᠤᠷᠤᠭᠤᠯᠵᠤ᠂ ᠵᠥᠷᠢᠶ᠎ᠡ ᠲᠠᠢ ᠰᠦᠢᠳᠬᠡᠯ ᠲᠤᠰᠢᠶᠠᠬᠤ ᠲᠦᠷᠦ ᠶᠢᠨ ᠪᠤᠳᠤᠯᠭ᠎ᠠ ᠶᠢ ᠲᠣᠭᠲᠠᠭᠠᠨ ᠪᠦᠷᠢᠨᠰᠢᠭᠦᠯᠵᠦ᠂ ᠰᠦᠢᠳᠬᠡᠯ ᠲᠤᠰᠢᠶᠠᠬᠤ ᠬᠠᠷᠢᠴᠠᠯ ᠶᠢ ᠮᠣᠩᠭᠤᠯ ᠡᠮᠨᠡᠯᠭᠡ ᠬᠢᠲᠠᠳ ᠡᠮᠨᠡᠯᠭᠡ ᠲᠡᠰᠢ ᠤᠯᠠᠮ ᠨᠢᠭᠡ ᠠᠯᠬᠤᠮ ᠬᠡᠯᠪᠡᠶᠢᠯᠭᠡᠬᠦ ᠶᠢ ᠪᠠᠭᠲᠠᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号