ᠲᠦᠷᠦᠭᠦᠦ ᠭᠤᠷᠪᠠᠨ ᠤᠯᠠᠷᠢᠯ ᠳᠤ᠂ ᠮᠠᠨ ᠤ ᠣᠷᠣᠨ ᠤ ᠰᠠᠭᠤᠭᠠᠯᠢ ᠠᠷᠠᠳ ᠤᠨ ᠬᠥᠮᠦᠨ ᠪᠦᠷᠢ ᠶᠢᠨ | ᠡᠵᠡᠮᠳᠡᠵᠦ ᠪᠣᠯᠬᠤ ᠳᠤᠮᠳᠠᠴᠢ ᠣᠷᠣᠯᠭ᠎ᠠ 19321 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 8.8% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠳᠡᠭᠡᠷ᠎ᠡ ᠬᠠᠭᠠᠰ ᠵᠢᠯ ᠤᠨ ᠬᠢ ᠲᠠᠢ ᠠᠳᠠᠯᠢ ᠪᠣᠯᠵᠠᠶ᠃ | ᠪᠠᠶᠢᠩᠭᠤ ᠰᠠᠭᠤᠭ᠎ᠠ ᠭᠠᠵᠠᠷ ᠢᠶᠠᠷ ᠬᠤᠪᠢᠶᠠᠪᠠᠯ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠪᠦᠷᠢ ᠶᠢᠨ | ᠡᠵᠡᠮᠳᠡᠵᠦ ᠪᠣᠯᠬᠤ ᠳᠤᠮᠳᠠᠴᠢ ᠣᠷᠣᠯᠭ᠎ᠠ 26939 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 8.2% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠳᠡᠭᠡᠷ᠎ᠡ ᠬᠠᠭᠠᠰ ᠵᠢᠯ ᠤᠨ ᠬᠢ ᠠᠴᠠ 0.1 ᠵᠠᠭᠤᠨ ᠤ | ᠴᠡᠭ ᠪᠠᠭᠤᠷᠠᠵᠠᠢ︔ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠬᠥᠮᠦᠨ ᠪᠦᠷᠢ ᠶᠢᠨ ᠡᠵᠡᠮᠳᠡᠵᠦ ᠪᠣᠯᠬᠤ | ᠳᠤᠮᠳᠠᠴᠢ ᠣᠷᠣᠯᠭ᠎ᠠ 8478ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.1% ᠪᠠᠷ | ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠳᠡᠭᠡᠷ᠎ᠡ ᠬᠠᠭᠠᠰ ᠵᠢᠯ ᠤᠨ ᠬᠢ ᠠᠴᠠ 0.1 ᠵᠠᠭᠤᠨ ᠤ ᠴᠡᠭ | ᠲᠦᠷᠭᠡᠳᠴᠡᠢ᠃ ᠠᠳᠠᠯᠢ ᠬᠤᠭᠤᠴᠠᠭᠠᠨ ᠳᠤ᠂ ᠪᠥᠬᠦ ᠣᠷᠣᠨ ᠤ ᠰᠠᠭᠤᠭᠠᠯᠢ ᠠᠷᠠᠳ ᠤᠨ ᠬᠥᠮᠦᠨ ᠪᠦᠷᠢ ᠶᠢᠨ | ᠳᠤᠮᠳᠠᠴᠢ ᠠᠮᠢᠳᠤᠷᠠᠯ ᠤᠨ ᠬᠡᠷᠡᠭᠯᠡᠭᠡᠨ ᠤ ᠳᠤᠮᠳᠠᠴᠢ ᠵᠠᠷᠤᠯᠭ᠎ᠠ 13675 ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 3.9% ᠪᠠᠷ ᠨᠡᠮᠡᠭᠳᠡᠪᠡ᠃ ᠪᠠᠶᠢᠩᠭᠤ ᠰᠠᠭᠤᠭ᠎ᠠ ᠭᠠᠵᠠᠷ ᠢᠶᠠᠷ ᠬᠤᠪᠢᠶᠠᠪᠠᠯ᠂ ᠬᠤᠲᠠ | ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠪᠦᠷᠢ ᠶᠢᠨ ᠳᠤᠮᠳᠠᠴᠢ ᠠᠮᠢᠳᠤᠷᠠᠯ ᠤᠨ ᠬᠡᠷᠡᠭᠯᠡᠭᠡᠨ ᠤ | ᠵᠠᠷᠤᠯᠭ᠎ᠠ 17141 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.9% ᠪᠠᠷ ᠨᠡᠮᠡᠭᠳᠡᠵᠡᠢ︔ | ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠬᠥᠮᠦᠨ ᠪᠦᠷᠢ ᠶᠢᠨ ᠳᠤᠮᠳᠠᠴᠢ ᠠᠮᠢᠳᠤᠷᠠᠯ ᠤᠨ ᠬᠡᠷᠡᠭᠯᠡᠭᠡᠨ ᠤ | ᠵᠠᠷᠤᠯᠭ᠎ᠠ 8743 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.4% ᠪᠠᠷ ᠨᠡᠮᠡᠭᠳᠡᠵᠡᠢ᠃ |