11 ᠳ᠋ᠦ᠋ᠭᠡᠷ ᠰᠠᠷ᠎ᠠ ᠶᠢᠨ 21 ᠤ ᠡᠳᠦᠷ ᠤᠨ ᠦᠳᠡ ᠶᠢᠨ ᠡᠮᠦᠨ᠎ᠡ᠂ ᠳᠡᠳ᠋ ᠲᠡᠷᠢᠭᠦᠯᠡᠭᠴᠢ ᠸᠠᠩ ᠪᠥᠸᠧ | ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠳᠤ ᠬᠦᠷᠴᠦ ᠪᠠᠶᠢᠴᠠᠭᠠᠨ ᠰᠤᠳᠤᠯᠦᠯᠲᠠ ᠬᠢᠪᠡ᠃ ᠲᠡᠷᠡ ᠡᠩ | ᠲᠡᠷᠢᠭᠦᠨ ᠳᠤ ᠬᠤᠪᠣᠷ ᠰᠢᠷᠣᠶ ᠶᠢᠨ ᠪᠤᠯᠤᠳ ᠲᠡᠮᠤᠷ ᠬᠠᠶᠢᠯᠤᠭᠤᠯᠬᠤ ᠦᠢᠯᠡᠳᠪᠦᠷᠢ ᠶᠢᠨ 7᠂ 8 ᠳ᠋ᠤᠭᠠᠷ ᠨᠣᠮᠧᠷᠲᠤ | ᠬᠤᠶᠠᠷ ᠥᠨᠳᠥᠷ ᠵᠤᠤᠬᠠᠨ ᠤ ᠦᠢᠯᠡᠳᠪᠦᠷᠢᠯᠡᠯ ᠤᠨ ᠪᠠᠶᠢᠳᠠᠯ ᠢ ᠰᠢᠨᠵᠢᠯᠡᠨ ᠪᠠᠶᠢᠴᠠᠭᠠᠪᠠ ᠃ 7᠂ 8 ᠳ᠋ᠤᠭᠠᠷ | ᠨᠣᠮᠧᠷᠲᠤ ᠬᠤᠶᠠᠷ ᠥᠨᠳᠥᠷ ᠵᠤᠤᠬᠠᠨ ᠤ ᠪᠠᠭᠲᠠᠭᠠᠮᠵᠢ ᠨᠢ ᠪᠣᠭᠤᠲᠤ ᠶᠢᠨ ᠪᠣᠯᠣᠳ ᠲᠡᠮᠦᠷ ᠤᠨ 7 ᠰᠠᠭᠤᠷᠢ ᠥᠨᠳᠥᠷ | ᠵᠤᠤᠬ᠎ᠠ ᠶᠢᠨ ᠶᠡᠷᠦᠩᠬᠡᠢ ᠪᠠᠭᠲᠠᠭᠠᠮᠵᠢ ᠶᠢᠨ 40% ᠶᠢ ᠡᠵᠡᠯᠡᠵᠦ᠂ ᠪᠤᠭᠤᠲᠤ ᠶᠢᠨ ᠪᠤᠯᠤᠳ ᠲᠡᠮᠤᠷ ᠤᠨ | ᠺᠣᠮᠫᠠᠨᠢ ᠶᠢᠨ ᠦᠢᠯᠡᠳᠪᠦᠷᠢᠯᠡᠯ ᠤᠨ ᠪᠦᠬᠦ ᠲᠠᠯ᠎ᠠ ᠶᠢ ᠳᠠᠶᠢᠴᠢᠯᠠᠵᠤ ᠪᠠᠶᠢᠳᠠᠭ᠃ ᠸᠠᠩ ᠪᠦᠸᠧ ᠠᠵᠢᠯᠲᠠᠨ ᠠᠴᠠ | ᠲᠠᠨᠢᠯᠴᠠᠭᠤᠯᠤᠭᠰᠠᠨ ᠥᠨᠳᠥᠷ ᠵᠤᠤᠬ᠎ᠠ ᠶᠢᠨ ᠪᠣᠯᠪᠠᠰᠤᠷᠠᠭᠤᠯᠤᠯ ᠤᠨ ᠲᠤᠬᠠᠶ ᠦᠨᠳᠦᠰᠦᠯᠡᠯ᠂ ᠦᠢᠯᠡᠳᠪᠦᠷᠢᠯᠡᠬᠦ | ᠴᠢᠳᠠᠪᠤᠷᠢ ᠭᠠᠷᠤᠯᠲᠠ᠂ ᠲᠥᠬᠦᠭᠡᠷᠦᠮᠵᠢ ᠶᠢᠨ ᠪᠦᠷᠢᠯᠳᠦᠯ ᠵᠢᠴᠢ ᠭᠠᠷ ᠤᠷᠠᠯᠠᠯ ᠤᠨ ᠶᠠᠪᠤᠴᠠ ᠵᠡᠷᠭᠡ ᠪᠠᠶᠢᠳᠠᠯ ᠢ | ᠰᠣᠨᠣᠰᠤᠭᠰᠠᠨ ᠤ ᠳᠠᠷᠠᠭ᠎ᠠ᠂ ᠬᠤᠪᠣᠷ ᠰᠢᠷᠣᠶ ᠶᠢᠨ ᠪᠤᠯᠤᠳ ᠬᠠᠪᠲᠠᠰᠤᠨ ᠮᠠᠲ᠋ᠧᠷᠢᠶᠠᠯ ᠤᠨ ᠦᠢᠯᠡᠳᠪᠦᠷᠢ ᠳᠤ | ᠬᠦᠷᠴᠦ 2250 ᠮᠢᠯᠢᠮᠧᠲᠷ ᠤᠨ ᠬᠠᠯᠠᠭᠤᠨ ᠬᠡᠪᠰᠢᠭᠦᠯᠦᠭᠡ ᠶᠢᠨ ᠦᠢᠯᠡᠳᠪᠦᠷᠢᠯᠡᠯ ᠤᠨ ᠱᠤᠭᠤᠮ ᠢ ᠲᠣᠭᠤᠷᠢᠨ | ᠦᠵᠡᠵᠡᠢ᠃ ᠲᠣᠰ ᠦᠶᠯᠡᠳᠪᠦᠷᠢᠯᠡᠯ ᠤᠨ ᠱᠤᠭᠤᠮ ᠨᠢ ᠮᠡᠳᠡᠭᠡ ᠵᠠᠩᠭᠢᠵᠢᠭᠤᠯᠤᠭᠰᠠᠨ᠂ ᠬᠠᠪᠲᠠᠭᠠᠶᠢᠴᠢᠯᠠᠭᠰᠠᠨ | ᠮᠠᠶ᠋ᠢᠭ ᠤᠨ ᠬᠠᠮᠢᠶᠠᠷᠤᠯᠲᠠ ᠶᠢᠨ ᠵᠠᠭᠪᠤᠷ ᠵᠢᠴᠢ ᠴᠡᠪᠡᠷᠰᠢᠭᠦᠯᠦᠭᠰᠡᠨ ᠦᠢᠯᠡᠳᠪᠦᠷᠢᠯᠡᠯ ᠢᠶᠠᠷ ᠢᠶᠠᠨ ᠠᠯᠳᠠᠷᠰᠢᠭᠰᠠᠨ | ᠶᠤᠮ᠂ ᠦᠢᠯᠡᠳᠪᠦᠷᠢᠯᠡᠭᠰᠡᠨ ᠬᠤᠪᠣᠷ ᠰᠢᠷᠣᠶ ᠶᠢᠨ ᠪᠤᠯᠤᠳ ᠬᠠᠪᠲᠠᠰᠤᠨ ᠮᠠᠲ᠋ᠧᠷᠢᠶᠠᠯ ᠤᠨ ᠦᠢᠯᠡᠳᠬᠦᠨ ᠤ | ᠬᠡᠮᠵᠢᠴᠡ ᠶᠢᠨ ᠨᠠᠷᠢᠯᠢᠭᠴᠠ ᠨᠢ ᠥᠨᠳᠥᠷ᠂ ᠭᠠᠳᠠᠷᠭᠤ ᠶᠢᠨ ᠴᠢᠨᠠᠷ ᠨᠢ ᠰᠠᠶᠢᠨ᠂ ᠬᠦᠴᠦᠯᠡᠴᠡ ᠨᠢ ᠥᠨᠳᠥᠷ᠂ | ᠳᠠᠭᠠᠭᠠᠮᠠᠭᠠᠢ ᠴᠢᠨᠠᠷ ᠢᠶᠠᠷ ᠴᠢᠩᠭ᠎ᠠ ᠪᠠᠶᠢᠳᠠᠭ᠃ | ᠸᠠᠩ ᠪᠦᠸᠧ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢᠨ ᠣᠯᠤᠭᠰᠠᠨ ᠠᠮᠵᠢᠯᠲᠠ ᠶᠢ ᠭᠦᠢᠴᠡᠳ | ᠨᠤᠲᠠᠯᠠᠵᠠᠶ᠃ ᠲᠡᠷᠡ ᠵᠢᠭᠠᠵᠤ ᠭᠠᠷᠭᠠᠭᠰᠠᠨ ᠨᠢ᠄ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢᠨ ᠬᠥᠭᠵᠢᠯᠲᠡ ᠨᠢ | ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠬᠥᠭᠵᠢᠯᠲᠡ ᠳᠤ ᠴᠢᠬᠤᠯᠠ ᠶᠡᠭᠡ ᠠᠴᠢ ᠬᠤᠯᠪᠣᠭᠳᠠᠯ ᠲᠠᠢ | ᠶᠤᠮ᠂ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠨᠢ ᠥᠭᠡᠷᠡᠴᠢᠯᠡᠯᠲᠡ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ | ᠠᠵᠤ ᠠᠬᠤᠶᠢᠯᠠᠯ ᠤᠨ ᠬᠦᠴᠢᠷᠳᠡᠯ ᠠᠴᠠ ᠪᠠᠨ ᠠᠩᠭᠢᠵᠢᠷᠠᠬᠤ ᠠᠯᠬᠤᠴᠠ ᠶᠢ ᠲᠥᠷᠭᠡᠳᠬᠡᠨ᠂ ᠣᠳᠣᠬᠢᠴᠢᠯᠠᠭᠰᠠᠨ | ᠥᠪᠥᠷ ᠮᠣᠩᠭᠤᠯ ᠢ ᠪᠦᠳᠦᠭᠡᠨ ᠪᠠᠶᠢᠭᠤᠯᠬᠤ ᠳᠤ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠡᠢ᠃ | |