ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠢᠵᠤ ︽ᠰᠢ ᠶᠢᠨ ᠫᠢᠩ ᠲᠦᠷᠦ ᠶᠢ ᠵᠠᠰᠠᠵᠤ ᠵᠠᠰᠠᠭ ᠢ ᠡᠷᠬᠢᠯᠡᠭᠦ ᠲᠤᠬᠠᠢ ᠶᠠᠷᠢᠬᠰᠠᠨ ᠨᠢ︾ ᠬᠡᠭᠦ ᠨᠤᠮ ᠤᠨ ᠬᠤᠶᠠᠳᠤᠭᠠᠷ ᠪᠤᠳᠢ ᠶᠢ ᠰᠤᠷᠤᠯᠴᠠᠨ ᠲᠤᠤᠱᠯᠠᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠵᠤ ᠪᠦᠬᠦ ᠤᠯᠤᠰ ᠎ ᠤᠨ ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ ᠬᠦᠬᠢᠭᠦᠯᠦᠨ ᠰᠠᠶᠢᠰᠢᠶᠠᠬᠤ ᠶᠡᠭᠡ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠲᠤᠤᠱᠯᠠᠭᠤᠯᠪᠠ
ᠨᠡᠶᠢᠲᠡᠯᠡᠭᠰᠡᠨ ᠴᠠᠭ᠄
2017/11/24
     11 ᠳ᠋ᠦ᠋ᠭᠡᠷ ᠰᠠᠷ᠎ᠠ ᠶᠢᠨ 23᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠰᠢ ᠶᠢᠨ ᠫᠢᠩ ᠲᠦᠷᠦ ᠶᠢ ᠵᠠᠰᠠᠵᠤ ᠵᠠᠰᠠᠭ ᠢ ᠡᠷᠬᠢᠯᠡᠭᠦ ᠲᠤᠬᠠᠢ ᠶᠠᠷᠢᠬᠰᠠᠨ ᠨᠢ︾ ᠬᠡᠭᠦ ᠨᠤᠮ ᠤᠨ ᠬᠤᠶᠠᠳᠤᠭᠠᠷ ᠪᠤᠳᠢ ᠶᠢ ᠰᠤᠷᠤᠯᠴᠠᠨ ᠲᠤᠤᠱᠯᠠᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠵᠤ ᠪᠦᠬᠦ ᠤᠯᠤᠰ ᠤᠨ ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ ᠬᠦᠬᠢᠭᠦᠯᠦᠨ ᠰᠠᠶᠢᠰᠢᠶᠠᠬᠤ ᠶᠡᠭᠡ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠲᠤᠤᠱᠯᠠᠭᠤᠯᠪᠠ᠃      ᠬᠤᠷᠠᠯ ᠠᠴᠠ᠂ ︽ᠰᠢ ᠶᠢᠨ ᠫᠢᠩ ᠲᠦᠷᠦ ᠶᠢ ᠵᠠᠰᠠᠵᠤ ᠵᠠᠰᠠᠭ ᠢ ᠡᠷᠬᠢᠯᠡᠭᠦ ᠲᠤᠬᠠᠢ ᠶᠠᠷᠢᠬᠰᠠᠨ ᠨᠢ︾ ᠬᠡᠭᠦ ᠨᠤᠮ ᠤᠨ ᠬᠤᠶᠠᠳᠤᠭᠠᠷ ᠪᠤᠳᠢ ᠨᠢ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠪᠦᠬᠦ ᠨᠠᠮ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠲᠠᠭᠠᠭᠤᠯᠵᠤ ᠰᠢᠨ᠎ᠠ ᠴᠠᠭ ᠦᠶ᠎ᠠ ᠳᠤ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠢ ᠪᠠᠷᠢᠮᠳᠠᠯᠠᠨ ᠬᠦᠭᠵᠢᠭᠦᠯᠦᠭᠰᠡᠨ ᠠᠭᠤᠤ ᠶᠡᠭᠡ ᠦᠢᠯᠡᠳᠦᠯᠭᠡ ᠶᠢ ᠠᠮᠢᠳᠤᠯᠢᠭ ᠢᠶᠠᠷ ᠲᠡᠮᠳᠡᠭᠯᠡᠵᠤ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠬᠦᠭᠵᠢᠯᠳᠡ ᠶᠢᠨ ᠠᠮᠢᠨ ᠰᠤᠳᠠᠰᠦ ᠪᠠ ᠭᠤᠤᠯ ᠠᠭᠤᠯᠭ᠎ᠠ ᠶᠢ ᠲᠦᠪᠯᠡᠷᠡᠩᠭᠦᠢ ᠲᠤᠰᠬᠠᠪᠠ᠃ ᠲᠤᠰ ᠨᠤᠮ ᠢ ᠬᠡᠪᠯᠡᠭᠦᠯᠵᠤ ᠲᠠᠷᠬᠠᠭᠠᠬᠰᠠᠨ ᠨᠢ᠂ ᠦᠷᠭᠡᠨ ᠤᠯᠠᠨ ᠺᠠᠳ᠋ᠷ ᠤᠯᠠᠨ ᠲᠦᠮᠡᠨ ᠤ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠬᠦᠨᠵᠡᠭᠡᠢ ᠰᠤᠷᠤᠯᠴᠠᠨ ᠤᠢᠢᠯᠠᠭᠠᠬᠤ ᠶᠢ ᠠᠬᠢᠭᠤᠯᠬᠤ᠂ ᠪᠦᠬᠦ ᠨᠠᠮ ᠪᠦᠬᠦ ᠨᠡᠶᠢᠭᠡᠮ ᠳᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠵᠤ ᠤᠬᠠᠭᠤᠯᠤᠨ ᠲᠤᠤᠱᠯᠠᠭᠤᠯᠬᠤ ᠬᠠᠯᠠᠭᠤᠨ ᠦᠷᠨᠢᠯᠳᠡ ᠭᠠᠷᠭᠠᠬᠤ ᠳᠤ ᠴᠦᠮ ᠴᠢᠬᠤᠯᠠ ᠠᠴᠢ ᠬᠤᠯᠪᠤᠬᠳᠠᠯ ᠲᠠᠢ ᠶᠤᠮ᠃ ᠪᠦᠬᠦ ᠤᠷᠤᠨ ᠤ ᠡᠯ᠎ᠠ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠨᠤᠭᠤᠳ ︽ᠰᠢ ᠶᠢᠨ ᠫᠢᠩ ᠲᠦᠷᠦ ᠶᠢ ᠵᠠᠰᠠᠵᠤ ᠵᠠᠰᠠᠭ ᠢ ᠡᠷᠬᠢᠯᠡᠭᠦ ᠲᠤᠬᠠᠢ ᠶᠠᠷᠢᠬᠰᠠᠨ ᠨᠢ︾ ᠬᠡᠭᠦ ᠨᠤᠮ ᠤᠨ ᠬᠤᠶᠠᠳᠤᠭᠠᠷ ᠪᠤᠳᠢ ᠶᠢ ᠰᠠᠶᠢᠳᠤᠷ ᠰᠤᠷᠤᠯᠴᠠᠨ ᠲᠤᠤᠱᠯᠠᠭᠤᠯᠬᠤ ᠶᠠᠪᠤᠳᠠᠯ ᠢᠶᠠᠷ ︽ᠲᠦᠷᠪᠡᠨ ᠤᠬᠠᠮᠰᠠᠷ︾᠎ ᠢ ᠪᠠᠳᠤ ᠪᠤᠢ ᠪᠤᠯᠭᠠᠬᠤ ᠶᠢᠨ ᠪᠤᠳᠠᠳᠠᠢ ᠢᠯᠡᠷᠡᠯ ᠪᠠ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠦᠮᠦᠵᠢᠯ ᠢ ᠪᠠᠶᠢᠩᠭᠤᠵᠢᠭᠤᠯᠬᠤ ᠲᠦᠷᠢᠮᠵᠢᠭᠦᠯᠭᠦ ᠶᠢᠨ ᠴᠢᠬᠤᠯᠠ ᠠᠭᠤᠯᠭ᠎ᠠ ᠪᠤᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠵᠤ ᠤᠬᠠᠭᠤᠯᠤᠨ ᠲᠤᠤᠱᠯᠠᠭᠤᠯᠬᠤ ᠯᠤᠭ᠎ᠠ ᠨᠢᠬᠳᠠ ᠤᠶᠠᠯᠳᠤᠭᠤᠯᠦᠨ᠂ ᠵᠤᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠬᠦᠴᠦᠳᠠᠢ ᠪᠦᠳᠦᠮᠵᠢᠳᠡᠢ ᠠᠬᠢᠭᠤᠯᠵᠤ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠴᠦᠭᠦᠷᠡᠰᠢ ᠦᠭᠡᠢ ᠤᠶᠤᠨ ᠰᠠᠨᠠᠭ᠎ᠠ ᠪᠠᠨ ᠵᠡᠪᠰᠡᠭᠯᠡᠨ᠂ ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ ᠠᠬᠢᠭᠤᠯᠬᠤ ᠬᠡᠷᠡᠭᠳᠡᠢ ᠬᠡᠵᠤ ᠵᠢᠭᠠᠵᠤ ᠭᠠᠷᠭᠠᠪᠠ᠃      ᠬᠤᠷᠠᠯ ᠠᠴᠠ᠂ ᠦᠷᠭᠡᠨ ᠤᠯᠠᠨ ᠨᠠᠮ ᠤᠨ ᠬᠡᠰᠢᠭᠦᠨ ᠺᠠᠳ᠋ᠷ ᠢᠯᠠᠩᠭᠤᠶ᠎ᠠ ᠤᠳᠤᠷᠢᠳᠬᠤ ᠺᠠᠳ᠋ᠷᠴᠤᠳ ︽ᠰᠢ ᠶᠢᠨ ᠫᠢᠩ ᠲᠦᠷᠦ ᠶᠢ ᠵᠠᠰᠠᠵᠤ ᠵᠠᠰᠠᠭ ᠢ ᠡᠷᠬᠢᠯᠡᠭᠦ ᠲᠤᠬᠠᠢ ᠶᠠᠷᠢᠬᠰᠠᠨ ᠨᠢ︾ ᠬᠡᠭᠦ ᠨᠤᠮ ᠤᠨ ᠬᠤᠶᠠᠳᠤᠭᠠᠷ ᠪᠤᠳᠢ ᠶᠢ ᠵᠠᠪᠠᠯ ᠰᠤᠷᠬᠤ ᠪᠠᠶᠢᠩᠭᠤ ᠤᠩᠰᠢᠬᠤ ᠨᠤᠮ᠂ ᠵᠠᠪᠠᠯ ᠬᠡᠷᠡᠭᠯᠡᠬᠦ ᠪᠠᠶᠢᠩᠭᠤ ᠪᠡᠯᠡᠳᠭᠡᠭᠦ ᠲᠣᠯᠢ ᠪᠢᠴᠢᠭ᠂ ᠵᠠᠪᠠᠯ ᠵᠢᠷᠤᠮᠯᠠᠬᠤ ᠪᠠᠶᠢᠩᠭᠤ ᠰᠠᠬᠢᠬᠤ ᠬᠢᠴᠢᠶᠡᠰᠦ ᠪᠤᠯᠭᠠᠨ᠂ ᠤᠭ ᠵᠤᠬᠢᠶᠠᠯ ᠢ ᠲᠡᠷᠡ ᠬᠡᠪ ᠢᠶᠠᠷ ᠨᠢ ᠰᠤᠳᠤᠯᠤᠨ ᠤᠩᠰᠢᠵᠤ᠂ ᠪᠦᠬᠦ ᠲᠠᠯ᠎ᠠ ᠪᠠᠷ ᠡᠵᠡᠮᠰᠢᠨ ᠰᠢᠰᠲ᠋ᠧᠮ ᠲᠠᠢ ᠤᠢᠢᠯᠠᠭᠠᠵᠤ᠂ ᠬᠦᠨᠵᠡᠭᠡᠢ ᠰᠤᠷᠤᠯᠴᠠᠨ ᠨᠡᠪᠳᠡᠷᠡᠳᠡᠯ᠎ᠠ ᠤᠢᠢᠯᠠᠭᠠᠬᠤ ᠬᠡᠷᠡᠭᠳᠡᠢ᠃ ᠤᠨᠤᠯ ᠢ ᠪᠤᠳᠠᠳᠠᠢ ᠲᠠᠢ ᠤᠶᠠᠯᠳᠤᠭᠤᠯᠬᠤ ᠰᠢᠯᠢᠳᠡᠭ ᠰᠤᠷᠤᠯᠴᠠᠬᠤ ᠰᠤᠷᠳᠠᠯ ᠢ ᠶᠡᠭᠡᠪᠡᠷ ᠪᠠᠳᠠᠷᠠᠭᠤᠯᠵᠤ᠂ ᠰᠤᠷᠤᠯᠴᠠᠯᠭ᠎ᠠ ᠶᠢᠨ ᠦᠷ᠎ᠠ ᠪᠦᠳᠦᠭᠡᠯ ᠢ ᠤᠯᠤᠰ ᠲᠦᠷᠦ ᠶᠢᠨ ᠤᠬᠠᠮᠰᠠᠷ᠂ ᠨᠠᠮᠴᠢ ᠴᠢᠨᠠᠷ ᠤᠨ ᠬᠡᠪ ᠪᠤᠯᠪᠠᠰᠤᠷᠠᠯ᠂ ᠶᠤᠰᠤ ᠰᠤᠷᠳᠠᠬᠤᠨ ᠵᠠᠩ ᠰᠤᠷᠳᠠᠯ ᠤᠨ ᠪᠦᠬᠦ ᠲᠠᠯ᠎ᠠ ᠶᠢᠨ ᠲᠡᠭᠡᠭᠰᠢᠯᠡᠯᠳᠡ᠂ ᠰᠤᠷᠤᠯᠴᠠᠬᠤ ᠴᠢᠳᠠᠪᠤᠷᠢ᠂ ᠤᠯᠤᠰ ᠲᠦᠷᠦ ᠶᠢᠨ ᠤᠳᠤᠷᠢᠳᠬᠤ ᠴᠢᠳᠠᠪᠤᠷᠢ᠂ ᠦᠭᠡᠷᠡᠴᠢᠯᠡᠯᠳᠡ ᠬᠢᠵᠤ ᠰᠢᠨ᠎ᠠ ᠶᠢ ᠡᠭᠦᠳᠭᠦ ᠴᠢᠳᠠᠪᠤᠷᠢ᠂ ᠰᠢᠨᠵᠢᠯᠡᠬᠦ ᠤᠬᠠᠭᠠᠨᠴᠢ ᠪᠠᠷ ᠬᠦᠭᠵᠢᠭᠦᠯᠬᠦ ᠴᠢᠳᠠᠪᠤᠷᠢ᠂ ᠬᠠᠤᠯᠢ ᠶᠤᠰᠤᠭᠠᠷ ᠲᠦᠷᠦ ᠪᠠᠷᠢᠬᠤ ᠴᠢᠳᠠᠪᠤᠷᠢ᠂ ᠤᠯᠠᠨ ᠲᠦᠮᠡᠨ ᠤ ᠠᠵᠢᠯ ᠤᠨ ᠴᠢᠳᠠᠪᠤᠷᠢ᠂ ᠨᠡᠶᠢᠳᠡᠪᠦᠷᠢᠵᠢᠭᠤᠯᠤᠯᠳᠠ ᠶᠢ ᠴᠢᠩᠭ᠎ᠠ ᠠᠳᠬᠤᠬᠤ ᠴᠢᠳᠠᠪᠤᠷᠢ᠂ ᠲᠦᠭᠰᠢᠭᠦᠷᠢ ᠶᠢ ᠡᠵᠡᠮᠳᠡᠭᠦ ᠴᠢᠳᠠᠪᠤᠷᠢ ᠶᠢᠨ ᠪᠦᠬᠦ ᠲᠠᠯ᠎ᠠ ᠶᠢᠨ ᠲᠡᠭᠡᠭᠰᠢᠯᠡᠯᠳᠡ᠂ ᠠᠵᠢᠯ ᠤᠨ ᠠᠷᠭ᠎ᠠ ᠠᠪᠴᠠᠯ᠂ ᠠᠵᠢᠯ ᠤᠨ ᠦᠷ᠎ᠠ ᠪᠦᠳᠦᠮᠵᠢ᠂ ᠠᠵᠢᠯ ᠤᠨ ᠲᠦᠪᠰᠢᠨ ᠤ ᠪᠦᠬᠦ ᠲᠠᠯ᠎ᠠ ᠶᠢᠨ ᠲᠡᠭᠡᠭᠰᠢᠯᠡᠯᠳᠡ ᠪᠤᠯᠭᠠᠨ ᠣᠯᠠᠷᠢᠭᠤᠯᠵᠤ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠦᠪᠦᠷ ᠮᠤᠩᠭᠤᠯ ᠳᠤ ᠲᠤᠤᠱᠯᠠᠭᠤᠯᠤᠨ ᠨᠡᠶᠢᠳᠡᠪᠦᠷᠢᠵᠢᠭᠤᠯᠵᠤ ᠦᠷ᠎ᠠ ᠪᠦᠳᠦᠮᠵᠢ ᠭᠠᠷᠭᠠᠬᠤ ᠶᠢ ᠨᠡᠩ ᠰᠠᠶᠢᠳᠤᠷ ᠠᠬᠢᠭᠤᠯᠬᠤ ᠬᠡᠷᠡᠭᠳᠡᠢ ᠬᠡᠵᠤ ᠴᠢᠬᠤᠯᠠᠴᠢᠯᠠᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠪᠦᠬᠦ ᠤᠯᠤᠰ ᠤᠨ ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ ᠬᠦᠬᠢᠭᠦᠯᠦᠨ ᠰᠠᠶᠢᠰᠢᠶᠠᠬᠤ ᠶᠡᠭᠡ ᠬᠤᠷᠠᠯ ᠤᠨ ᠲᠦᠯᠦᠭᠡᠯᠡᠭᠴᠢᠳ ᠲᠠᠢ ᠲᠤᠳᠤᠨᠤ ᠪᠠᠷ ᠠᠭᠤᠯᠵᠠᠬᠰᠠᠨ ᠶᠠᠪᠤᠳᠠᠯ ᠨᠢ ᠨᠠᠮ ᠤᠨ ᠲᠦᠪ ᠬᠤᠷᠢᠶ᠎ᠠ ᠪᠤᠯᠤᠨ ᠶᠡᠷᠦᠩᠬᠡᠢ ᠱᠦᠵᠢ ᠰᠢ ᠶᠢᠨ ᠫᠢᠩ ᠤᠨ ᠨᠡᠶᠢᠭᠡᠮ ᠵᠢᠷᠤᠮ ᠤᠨ ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ ᠲᠤᠬᠠᠢ ᠲᠡᠭᠡᠳᠦ ᠬᠡᠮᠵᠢᠶᠠᠨ ᠤ ᠴᠢᠬᠤᠯᠠᠴᠢᠯᠠᠯ ᠪᠠ ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ ᠹᠷᠣᠨᠲ ᠤᠨ ᠨᠦᠬᠦᠳ ᠢ ᠲᠤᠳᠤᠨᠤ ᠪᠠᠷ ᠬᠠᠯᠠᠮᠵᠢᠯᠠᠵᠤ ᠪᠠᠶᠢᠬᠤ ᠶᠢ ᠬᠦᠢᠴᠡᠳ ᠢᠯᠡᠷᠡᠭᠦᠯᠪᠡ᠃ ᠨᠡᠶᠢᠭᠡᠮ ᠵᠢᠷᠤᠮ ᠤᠨ ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ ᠲᠤᠬᠠᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠪᠠᠶᠢᠷᠢᠯᠠᠭᠤᠯᠤᠯᠳᠠ ᠱᠠᠭᠠᠷᠳᠠᠯᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ᠪᠦᠬᠦ ᠤᠯᠤᠰ ᠤᠨ ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ ᠬᠦᠬᠢᠭᠦᠯᠦᠨ ᠰᠠᠶᠢᠰᠢᠶᠠᠬᠤ ᠶᠡᠭᠡ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠨᠡᠶᠢᠳᠡᠪᠦᠷᠢᠵᠢᠭᠤᠯᠵᠤ᠂ ︽ᠬᠤᠶᠠᠷ ᠶᠠᠪᠤᠳᠠᠯ ᠢ ᠠᠳᠬᠤᠵᠤ᠂ ᠬᠤᠶᠠᠷ ᠢ ᠪᠦᠷ ᠴᠢᠩᠭ᠎ᠠ ᠠᠳᠬᠤᠬᠤ︾ ᠪᠠᠶᠢᠯᠳᠤᠬᠤ ᠪᠤᠳᠤᠯᠭ᠎ᠠ ᠶᠢᠨ ᠴᠢᠭᠯᠡᠯᠳᠡ ᠶᠢ ᠡᠷᠡᠰ ᠪᠠᠷᠢᠮᠳᠠᠯᠠᠵᠤ᠂ ᠨᠠᠮ ᠎ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠵᠤ ᠤᠬᠠᠭᠤᠯᠤᠨ ᠲᠤᠤᠱᠯᠠᠭᠤᠯᠬᠤ ᠪᠠᠷ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠠᠨ ᠪᠤᠯᠭᠠᠵᠤ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠲᠤᠬᠠᠢ ᠰᠤᠷᠤᠯᠴᠠᠯᠭ᠎ᠠ ᠬᠦᠮᠦᠵᠢᠯ ᠪᠠ ᠤᠬᠠᠭᠤᠯᠭ᠎ᠠ ᠲᠠᠶᠢᠯᠪᠤᠷᠢᠯᠠᠯᠳᠠ ᠶᠢ ᠴᠢᠩᠭᠠᠳᠬᠠᠬᠤ ᠪᠠᠷ ᠭᠤᠤᠯᠳᠠᠯᠭ᠎ᠠ ᠶᠢᠨ ᠭᠤᠤᠯᠳᠠᠯᠭ᠎ᠠ ᠪᠤᠯᠭᠠᠵᠤ᠂ ᠨᠡᠶᠢᠭᠡᠮ ᠵᠢᠷᠤᠮ ᠤᠨ ᠭᠤᠤᠯᠯᠠᠬᠴᠢ ᠦᠷᠳᠡᠭ ᠤᠨ ᠦᠵᠡᠯᠳᠡ ᠶᠢ ᠢᠳᠡᠪᠬᠢᠳᠡᠢ ᠪᠤᠶᠢᠵᠢᠭᠤᠯᠤᠨ ᠦᠢᠯᠡᠳᠦᠯᠭᠡᠵᠢᠭᠦᠯᠵᠤ᠂ ︽ᠦᠵᠡᠰᠭᠦᠯᠡᠩᠳᠦ ᠰᠠᠶᠢᠬᠠᠨ ᠦᠪᠦᠷ ᠮᠤᠩᠭᠤᠯ ᠢᠶᠠᠨ ᠪᠦᠳᠦᠭᠡᠨ ᠪᠠᠶᠢᠭᠤᠯᠵᠤ᠂ ᠠᠭᠤᠤ ᠶᠡᠭᠡ ᠲᠤᠮᠳᠠᠳᠤ ᠶᠢᠨ ᠵᠡᠭᠦᠳᠦ ᠪᠠᠨ ᠬᠠᠮᠳᠤᠪᠡᠷ ᠲᠡᠷᠬᠡᠯᠰᠢᠭᠦᠯᠭᠦ︾᠎ ᠳᠤ ᠬᠦᠴᠦᠷᠭᠡᠭ ᠶᠡᠭᠡ ᠬᠦᠴᠦᠨ ᠴᠢᠳᠠᠯ ᠢ ᠨᠢᠬᠳᠠᠷᠠᠭᠤᠯᠬᠤ ᠬᠡᠷᠡᠭᠳᠡᠢ ᠬᠡᠵᠤ ᠵᠢᠭᠠᠵᠤ ᠭᠠᠷᠭᠠᠵᠠᠢ᠃      ᠬᠤᠷᠠᠯ ᠠᠴᠠ ︽ᠤᠯᠤᠰ ᠤᠨ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠦᠭᠡᠷᠡᠴᠢᠯᠡᠯᠳᠡ ᠶᠢᠨ ᠲᠤᠷᠰᠢᠯᠳᠠ ᠶᠢ ᠬᠦᠨᠵᠡᠭᠡᠶᠢᠷᠡᠭᠦᠯᠭᠦ ᠲᠤᠬᠠᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠡᠷᠡᠭᠵᠢᠭᠦᠯᠭᠦ ᠲᠦᠰᠦᠯ︾᠎ ᠢ ᠬᠢᠨᠠᠨ ᠵᠦᠪᠯᠡᠵᠤ ᠪᠠᠳᠤᠯᠠᠨ᠂ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠤᠭᠤᠷᠢᠨ ᠪᠠᠶᠢᠴᠠᠭᠠᠬᠤ ᠠᠵᠢᠯ ᠤᠨ ᠲᠦᠯᠦᠪᠵᠢᠭᠦᠯᠭᠡ ︵2017 — 2021 ᠣᠨ  ︶︾ ᠵᠡᠷᠭᠡ 6 ᠨᠠᠮ ᠤᠨ ᠲᠤᠳᠤᠭᠠᠳᠦ ᠶᠢᠨ ᠬᠠᠤᠯᠢ ᠲᠦᠷᠢᠮ ᠪᠠ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠢ ᠬᠢᠨᠠᠨ ᠵᠦᠪᠯᠡᠵᠤ ᠪᠠᠳᠤᠯᠠᠪᠠ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号