11 ᠳ᠋ᠦ᠋ᠭᠡᠷ ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ | ᠲᠢᠩᠬᠢᠮ ᠪᠥᠬᠦ ᠣᠷᠣᠨ ᠤ ᠬᠠᠷᠠᠭᠠᠨ ᠳᠠᠪᠲᠠᠮᠵᠢ ᠶᠢᠨ ᠬᠤᠷᠠᠯ ᠬᠤᠷᠠᠯᠳᠤᠭᠤᠯᠵᠤ ᠡᠪᠦᠯ ᠬᠠᠪᠤᠷ ᠤᠨ ᠲᠦᠢᠮᠡᠷ ᠢ | ᠰᠡᠷᠭᠡᠶᠢᠯᠡᠨ ᠡᠵᠡᠮᠳᠡᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃ | ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ ᠲᠦᠭᠰᠢᠭᠦᠷᠢ ᠶᠢᠨ ᠮᠡᠳᠡᠷᠡᠮᠵᠢ ᠶᠢ ᠦᠨᠡᠨᠬᠦ ᠴᠢᠩᠭᠠᠳᠬᠠᠵᠤ᠂ | ᠬᠠᠮᠤᠭ ᠤᠨ ᠲᠤᠯᠭᠠᠮ᠎ᠠ ᠤᠬᠠᠮᠰᠠᠷ ᠢ ᠪᠤᠢ ᠪᠣᠯᠭᠠᠵᠤ᠂ ᠲᠦᠢᠮᠡᠷ ᠢ ᠰᠡᠷᠭᠡᠶᠢᠯᠡᠨ ᠡᠵᠡᠮᠳᠡᠬᠦ ᠠᠵᠢᠯ ᠢ ᠪᠦᠬᠦ ᠲᠠᠯ᠎ᠠ ᠪᠠᠷ | ᠲᠦᠯᠬᠢᠨ ᠠᠬᠢᠭᠤᠯᠬᠤ ᠬᠡᠷᠡᠭᠲᠡᠢ᠃ ᠣᠳᠣᠬᠠᠨ ᠳᠤ᠂ ᠶᠠᠭ ᠰᠠᠶᠢᠬᠠᠨ ᠡᠪᠦᠯ ᠬᠠᠪᠤᠷ ᠤᠨ ᠲᠦᠢᠮᠡᠷ ᠢ ᠰᠡᠷᠭᠡᠶᠢᠯᠡᠨ | ᠡᠵᠡᠮᠳᠡᠬᠦ ᠠᠵᠢᠯ ᠤᠨ ᠪᠠᠬᠢᠯᠡᠯᠲᠡ ᠶᠢ ᠰᠢᠪᠲᠤᠯᠬᠤ ᠱᠠᠲᠤᠨ ᠳᠤ ᠪᠠᠶᠢᠵᠤ᠂ ᠲᠦᠢᠮᠡᠷ ᠢ ᠰᠡᠷᠭᠡᠶᠢᠯᠡᠨ ᠡᠵᠡᠮᠳᠡᠬᠦ | ᠳᠠᠷᠤᠯᠲᠠ ᠮᠥᠨ ᠯᠡ ᠨᠡᠯᠢᠶᠡᠳ ᠶᠡᠭᠡ ᠪᠠᠶᠢᠭᠰᠠᠭᠠᠷ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠠᠶ᠋ᠢᠬᠠᠨ | ᠨᠡᠶᠢᠲᠡᠯᠡᠭᠰᠡᠨ ︽ᠭᠠᠯ ᠰᠡᠷᠭᠡᠶᠢᠯᠡᠨ ᠤᠨᠲᠠᠷᠠᠭᠠᠬᠤ ᠠᠶᠤᠯᠭᠦᠶ ᠶᠢᠨ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠬᠦ | ᠠᠷᠭ᠎ᠠ︾ ᠲᠠᠢ ᠤᠶᠠᠯᠳᠤᠭᠤᠯᠤᠨ ᠭᠠᠯ ᠤᠨᠲᠠᠷᠠᠭᠠᠬᠤ ᠠᠵᠢᠯ ᠤᠨ ᠠᠷᠭ᠎ᠠ ᠬᠡᠮᠵᠢᠶ᠎ᠡ ᠶᠢ ᠬᠠᠮᠤᠭ ᠤᠨ ᠦᠨᠳᠦᠰᠦᠨ | ᠱᠠᠲᠤᠨ ᠳᠤ ᠬᠦᠷᠲᠡᠯ᠎ᠡ ᠰᠢᠭᠤᠳ ᠨᠠᠶᠢᠳᠠᠪᠤᠷᠢᠵᠢᠭᠤᠯᠵᠤ᠂ ᠬᠦᠨᠳᠦ ᠣᠨᠴᠠ ᠶᠡᠭᠡ ᠲᠦᠢᠮᠡᠷ ᠤᠨ ᠡ᠊ᠨᠳᠡᠯ ᠭᠠᠷᠬᠤ ᠶᠢ | ᠡᠷᠡᠰ ᠬᠤᠷᠢᠭᠯᠠᠬᠤ ᠬᠡᠷᠡᠭᠲᠡᠢ᠃ ᠬᠤᠶᠠᠷ ᠲᠤ ᠬᠠᠷᠢᠭᠤᠴᠠᠯᠭᠠᠲᠤ ᠰᠡᠳᠬᠢᠯ ᠢᠶᠠᠨ ᠦᠨᠡᠨᠬᠦ ᠴᠢᠩᠭᠠᠷᠠᠭᠤᠯᠤᠨ᠂ | ᠬᠠᠮᠤᠭ ᠤᠨ ᠥᠷᠭᠡᠨ ᠢᠶᠠᠷ ᠳᠠᠶᠢᠴᠢᠯᠠᠬᠤ ᠶᠢ ᠪᠠᠷᠢᠮᠲᠠᠯᠠᠵᠤ᠂ ᠲᠦᠭᠰᠢᠭᠦᠷᠢ ᠶᠡᠬᠡᠲᠡᠶ ᠭᠠᠵᠠᠷ ᠲᠠᠯᠠᠪᠤᠷ ᠢ ᠵᠢᠭᠰᠠᠭᠠᠨ | ᠪᠠᠶᠢᠴᠠᠭᠠᠬᠤ ᠶᠢ ᠪᠦᠬᠦ ᠲᠠᠯ᠎ᠠ ᠪᠠᠷ ᠡᠬᠢᠯᠡᠭᠦᠯᠬᠦ ᠬᠡᠷᠡᠭᠲᠡᠢ᠃ ᠵᠢᠭᠰᠠᠭᠠᠨ ᠪᠠᠶᠢᠴᠠᠭᠠᠬᠤ ᠬᠦᠷᠢᠶ᠎ᠡ ᠬᠡᠪᠴᠢᠶᠡᠨ ᠤ | ᠲᠠᠯ᠎ᠠ ᠪᠠᠷ᠂ ︽ᠭᠤᠷᠪᠠ ᠶᠢ ᠨᠢᠭᠡᠳᠬᠡᠭᠰᠡᠨ︾᠂ ᠣᠯᠠᠭᠤᠯᠠ ᠲᠦᠷᠢᠶᠡᠰᠦᠯᠡᠬᠦ ᠪᠠᠶᠢᠰᠢᠩ᠂ ᠬᠠᠭᠤᠴᠢᠨ ᠣᠷᠣᠨ | ᠰᠠᠭᠤᠴᠠ᠂ ᠭᠠᠯ ᠳᠠᠭᠠᠭᠠᠮᠠᠭᠠᠢ ᠳᠡᠰ ᠢᠶᠠᠷ ᠳᠣᠣᠷ᠎ᠠ ᠣᠷᠣᠨ ᠰᠠᠭᠤᠴᠠ ᠶᠢᠨ ᠭᠠᠵᠠᠷ ᠲᠠᠯᠠᠪᠤᠷ ᠵᠡᠷᠭᠡ ︽ᠳᠥᠷᠪᠡᠨ | ᠲᠥᠷᠥᠯ ᠤᠨ ᠲᠦᠢᠮᠡᠷ ᠤᠨ ᠲᠦᠭᠰᠢᠭᠦᠷᠢ ᠶᠡᠬᠡᠲᠡᠶ ᠭᠠᠵᠠᠷ ᠲᠠᠯᠠᠪᠤᠷ︾ ᠢ ᠴᠢᠩᠭ᠎ᠠ ᠠᠳᠬᠤᠬᠤ ᠶᠢ ᠱᠠᠭᠠᠷᠳᠠᠪᠠ︔ | ᠵᠢᠭᠰᠠᠭᠠᠨ ᠪᠠᠶᠢᠴᠠᠭᠠᠬᠤ ᠭᠤᠣᠯᠳᠠᠯᠭ᠎ᠠ ᠶᠢᠨ ᠲᠠᠯ᠎ᠠ ᠪᠠᠷ᠂ ᠰᠠᠭᠤᠷᠢ ᠲᠤᠭ᠎ᠠ ᠶᠢ ᠪᠦᠬᠦ ᠲᠠᠯ᠎ᠠ ᠪᠠᠷ ᠲᠣᠳᠣᠷᠬᠠᠶ | ᠣᠶᠢᠯᠠᠭᠠᠨ ᠡᠵᠡᠮᠰᠢᠵᠦ᠂ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠱᠠᠲᠤ ᠳᠠᠷᠠᠭᠠᠯᠠᠨ ᠳᠠᠭᠰᠢᠷᠠᠭᠤᠯᠵᠤ᠂ | ᠬᠥᠮᠦᠨ ᠢᠶᠠᠷ ᠰᠡᠷᠭᠡᠶᠢᠯᠡᠬᠦ ᠪᠣᠳᠠᠰ ᠢᠶᠠᠷ ᠰᠡᠷᠭᠡᠶᠢᠯᠡᠬᠦ ᠮᠡᠷᠭᠡᠵᠢᠯ ᠢᠶᠠᠷ ᠰᠡᠷᠭᠡᠶᠢᠯᠡᠭᠦᠯᠬᠦ ᠠᠷᠭ᠎ᠠ ᠬᠡᠮᠵᠢᠶᠡᠨ ᠤ ︽ | ᠭᠤᠷᠪᠠᠨ ᠵᠠᠩᠭᠢᠯᠠᠭ᠎ᠠ ᠶᠢᠨ ᠭᠤᠭᠴᠤᠭ᠎ᠠ︾ ᠶᠢ ᠨᠢᠭᠡᠳ ᠨᠢᠭᠡ ᠪᠠᠷ ᠨᠠᠶᠢᠳᠠᠪᠤᠷᠢᠵᠢᠭᠤᠯᠬᠤ ᠶᠢ ᠱᠠᠭᠠᠷᠳᠠᠪᠠ᠃ ︽ | ᠨᠢᠭᠡ ᠡᠷᠦᠬᠡ ᠶᠢ ᠵᠢᠭᠰᠠᠭᠠᠨ ᠪᠠᠶᠢᠴᠠᠭᠠᠪᠠᠯ ᠨᠢᠭᠡ ᠡᠷᠦᠬᠡ ᠶᠢ ᠳᠠᠩᠰᠠᠯᠠᠵᠤ᠂ ᠨᠢᠭᠡ ᠡᠷᠦᠬᠡ ᠶᠢ ᠦᠨᠡᠯᠡᠨ ᠵᠢᠱᠢᠪᠡᠯ | ᠨᠢᠭᠡ ᠡᠷᠦᠬᠡ ᠶᠢ ᠴᠡᠭᠴᠡᠯᠡᠨ ᠰᠠᠶᠢᠵᠢᠷᠠᠭᠤᠯᠬᠤ︾ ᠶᠢ ᠱᠠᠭᠠᠷᠳᠠᠪᠠ᠃ ᠭᠤᠷᠪᠠ ᠳᠤ ᠭᠦᠢᠴᠡᠳᠬᠡᠬᠦ ᠴᠢᠳᠠᠪᠤᠷᠢ ᠶᠢ | ᠦᠨᠡᠨᠬᠦ ᠴᠢᠩᠭᠠᠷᠠᠭᠤᠯᠤᠨ᠂ ᠬᠠᠮᠤᠭ ᠬᠦᠴᠦᠲᠡᠶ ᠠᠷᠭ᠎ᠠ ᠬᠡᠮᠵᠢᠶ᠎ᠡ ᠠᠪᠴᠤ᠂ ᠣᠯᠠᠭᠤᠯᠠ ᠲᠦᠷᠢᠶᠡᠰᠦᠯᠡᠬᠦ | ᠪᠠᠶᠢᠰᠢᠩ ᠤᠳ ᠢ ᠲᠥᠪᠯᠡᠷᠡᠭᠦᠯᠦᠨ ᠴᠡᠭᠴᠡᠯᠡᠨ ᠵᠠᠰᠠᠬᠤ ᠬᠡᠷᠡᠭᠲᠡᠢ᠃ ᠵᠡᠭᠡᠯᠢ ᠭᠤᠳᠤᠮᠵᠢ᠂ ᠰᠢᠶᠠᠩ ᠪᠠᠯᠭᠠᠰᠤ ᠶᠢᠨ | ᠬᠢᠨ ᠢ ᠳᠠᠶᠢᠴᠢᠯᠠᠨ ᠵᠣᠬᠢᠶᠠᠨ ᠪᠠᠶᠢᠭᠤᠯᠵᠤ᠂ ᠵᠢᠭᠰᠠᠭᠠᠨ ᠪᠠᠶᠢᠴᠠᠭᠠᠵᠤ ᠪᠠᠶᠢᠳᠠᠯ ᠢ ᠣᠶᠢᠯᠠᠭᠠᠨ᠂ 10 ᠬᠥᠮᠦᠨ ᠠᠴᠠ | ᠳᠡᠭᠡᠭᠰᠢᠬᠢ᠂ 30 ᠬᠥᠮᠦᠨ ᠠᠴᠠ ᠳᠡᠭᠡᠭᠰᠢᠬᠢ ᠣᠯᠠᠭᠤᠯᠠ ᠲᠦᠷᠢᠶᠡᠰᠦᠯᠡᠬᠦ ᠪᠠᠶᠢᠰᠢᠩ ᠪᠣᠯᠣᠨ ᠡᠪᠦᠯ ᠤᠨ | ᠤᠯᠠᠷᠢᠯ ᠤᠨ ᠪᠠᠷᠢᠯᠭ᠎ᠠ ᠶᠢᠨ ᠠᠵᠢᠯ ᠤᠨ ᠬᠥᠯᠥᠰᠥᠨ ᠠᠵᠢᠯᠴᠢᠳ ᠤᠨ ᠲᠥᠪᠯᠡᠷᠡᠭᠰᠡᠨ ᠬᠤᠨᠣᠭᠯᠠᠬᠤ ᠭᠠᠵᠠᠷ | ᠲᠠᠯᠠᠪᠤᠷ ᠢ ᠲᠥᠷᠥᠯ ᠠᠩᠭᠢᠯᠠᠨ ᠲᠡᠩᠰᠡᠯᠡᠠ ᠲᠡᠮᠳᠡᠭᠯᠡᠬᠦ᠂ ᠭᠠᠵᠠᠷ ᠳᠠᠷᠠᠭᠠᠯᠠᠨ ᠵᠢᠭᠰᠠᠭᠠᠨ ᠪᠠᠶᠢᠴᠠᠭᠠᠵᠤ ᠴᠡᠭᠴᠡᠯᠡᠨ | ᠵᠠᠰᠠᠬᠤ ᠶᠢ ᠨᠠᠶᠢᠳᠠᠪᠤᠷᠢᠵᠢᠭᠤᠯᠤᠨ᠎ᠠ᠃ ᠶᠠᠮᠤᠨ ᠲᠣᠪᠴᠢᠶ᠎ᠠ ᠶᠢᠨ ︽ᠲᠣᠯᠣᠭᠠᠨ ᠣᠭᠲᠣ ᠪᠣᠯᠬᠤ ᠦᠭᠡᠢ︾ | ᠱᠠᠭᠠᠷᠳᠠᠯᠭ᠎ᠠ ᠶᠣᠰᠣᠭᠠᠷ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠲᠦ᠋ᠷᠪᠡ ᠳᠤ ᠬᠢᠨᠠᠨ ᠵᠥᠪᠰᠢᠶᠡᠷᠡᠬᠦ | ᠪᠠᠶᠢᠴᠠᠭᠠᠯᠲᠠ ᠶᠢ ᠦᠨᠡᠨᠬᠦ ᠴᠢᠩᠳᠠᠯᠠᠵᠤ᠂ ᠪᠠᠭᠠᠲᠤᠷ ᠡᠷ᠎ᠡ ᠪᠠᠭᠤᠤ ᠪᠠᠨ ᠴᠠᠪᠴᠢᠬᠤ ᠰᠥᠰᠥ ᠵᠣᠷᠢᠭ ᠢ ᠬᠥᠪᠴᠢᠯᠡᠨ᠂ | ᠨᠣᠴᠣᠮᠠᠲᠠᠭᠠᠢ ᠰᠢᠲᠠᠮᠠᠬᠠᠶ ᠮᠠᠲ᠋ᠧᠷᠢᠶᠠᠯ ᠢ ᠲᠣᠭᠲᠠᠭᠠᠯ ᠠᠴᠠ ᠵᠥᠷᠢᠴᠡᠨ ᠬᠡᠷᠡᠭᠯᠡᠬᠦ ᠠᠰᠠᠭᠤᠳᠠᠯ ᠢ ᠬᠦᠴᠦᠯᠡᠨ | ᠴᠡᠭᠴᠡᠯᠡᠨ ᠰᠢᠢᠳᠪᠦᠷᠢᠯᠡᠨ᠎ᠡ᠃ ᠶᠠᠮᠤᠨ ᠲᠣᠪᠴᠢᠶ᠎ᠠ ᠶᠢᠨ ︽ᠳᠥᠷᠪᠡᠨ ᠣᠭᠲᠣ ᠪᠣᠯᠬᠤ ᠦᠭᠡᠢ︾ ᠬᠠᠲᠠᠭᠤ ᠴᠢᠩᠭ᠎ᠠ | ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠶᠢᠴᠠᠭᠠᠵᠤ ᠴᠡᠭᠴᠡᠯᠡᠨ ᠵᠠᠰᠠᠬᠤ ᠶᠢ ᠨᠠᠶᠢᠳᠠᠪᠤᠷᠢᠵᠢᠭᠤᠯᠤᠨ | ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠨ᠎ᠠ᠃ ᠲᠠᠪᠤ ᠳᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢ ᠦᠨᠡᠨ | ᠬᠦ ᠭᠦᠢᠴᠡᠳᠬᠡᠨ᠂ ᠬᠠᠮᠤᠭ ᠤᠨ ᠴᠢᠩᠭ᠎ᠠ ᠬᠠᠣᠯᠢ ᠬᠡᠷᠡᠭᠵᠢᠭᠦᠯᠦᠯᠲᠡ ᠶᠢ ᠪᠠᠷᠢᠮᠲᠠᠯᠠᠵᠤ᠂ ᠨᠡᠶᠢᠭᠡᠮ ᠤᠨ ᠨᠢᠭᠡᠴᠡ ᠶᠢ | ᠭᠡᠳᠡᠷᠭᠦ ᠰᠢᠬᠠᠵᠤ ᠪᠠᠶᠢᠭᠠᠳ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃ ︽ | ᠵᠢᠷᠭᠤᠭ᠎ᠠ ᠳᠡᠭᠡᠷ᠎ᠡ ᠨᠢᠭᠡ ᠶᠢ ᠨᠡᠮᠡᠬᠦ︾ ᠬᠠᠤᠯᠢ ᠬᠡᠷᠡᠭᠵᠢᠭᠦᠯᠬᠦ ᠠᠵᠢᠯ ᠢ ᠴᠢᠩᠭᠠᠳᠬᠠᠨ᠂ ᠬᠠᠤᠯᠢ ᠬᠡᠷᠡᠭᠵᠢᠭᠦᠯᠬᠦ | ᠠᠵᠢᠯ ᠤᠨ ᠶᠡᠷᠦᠩᠬᠡᠶ ᠬᠡᠮᠵᠢᠶ᠎ᠡ ᠶᠢ ᠪᠦᠬᠦ ᠬᠦᠴᠦᠨ ᠢᠶᠠᠷ ᠳᠡᠭᠡᠭᠰᠢᠯᠡᠭᠦᠯᠵᠦ᠂ ᠦᠨᠳᠦᠷ ᠳᠠᠷᠤᠯᠲᠠᠲᠤ ᠬᠠᠤᠯᠢ | ᠬᠡᠷᠡᠭᠵᠢᠭᠦᠯᠬᠦ ᠪᠠᠶᠢᠳᠠᠯ ᠢᠶᠠᠷ ᠳᠠᠯᠳᠠ ᠭᠡᠮ ᠢ ᠦᠨᠡᠨᠬᠦ ᠰᠢᠮᠳᠠᠭᠤᠯᠤᠨ ᠵᠠᠰᠠᠵᠤ᠂ ᠬᠠᠤᠯᠢ ᠵᠦᠷᠢᠴᠡᠭᠰᠡᠳ ᠲᠤ ᠰᠦᠷ | ᠦᠵᠡᠭᠦᠯᠬᠦ ᠶᠢ ᠱᠠᠭᠠᠷᠳᠠᠪᠠ᠃ ᠵᠢᠭᠰᠠᠭᠠᠨ ᠪᠠᠶᠢᠴᠠᠭᠠᠭᠠᠳ ᠣᠯᠵᠤ ᠮᠡᠳᠡᠭᠰᠡᠨ ᠲᠦᠢᠮᠡᠷ ᠤᠨ ᠲᠠᠯᠳᠠ ᠭᠡᠮ ᠢ᠂ | ᠥᠭᠡᠷᠡᠴᠢᠯᠡᠨ ᠰᠠᠶᠢᠵᠢᠷᠠᠭᠤᠯᠵᠤ ᠪᠣᠯᠬᠤ ᠶᠢ ᠨᠢ ᠳᠠᠷᠤᠶ ᠲᠦᠷᠭᠡᠨ ᠥᠭᠡᠷᠡᠴᠢᠯᠡᠨ ᠰᠠᠶᠢᠵᠢᠷᠠᠭᠤᠯᠵᠤ᠂ ᠶᠠᠭᠠᠬᠢᠭᠰᠠᠨ | ᠴᠤ ᠤᠳᠠᠭᠠᠰᠢᠷᠠᠭᠤᠯᠵᠤ ᠪᠣᠯᠬᠤ ᠦᠭᠡᠢ︔ ᠲᠦᠷ ᠵᠠᠭᠤᠷ᠎ᠠ ᠥᠭᠡᠷᠡᠴᠢᠯᠡᠨ ᠰᠠᠶᠢᠵᠢᠷᠠᠭᠤᠯᠬᠤ ᠳᠤ ᠬᠦᠴᠢᠷᠲᠡᠢ | ᠪᠠᠶᠢᠬᠤ ᠶᠢ ᠨᠢ᠂ ᠲᠤᠰ ᠲᠤᠰ ᠲᠤᠨᠢ ᠢᠯᠭᠠᠵᠤ᠂ ᠡᠭᠡ ᠲᠠᠩᠰᠠ ᠶᠢ ᠨᠢ ᠵᠢᠭᠰᠠᠭᠠᠨ᠂ ᠥᠭᠡᠷᠡᠴᠢᠯᠡᠨ | ᠰᠠᠶᠢᠵᠢᠷᠠᠭᠤᠯᠬᠤ ᠬᠤᠭᠤᠴᠠᠭ᠎ᠠ ᠬᠢᠵᠠᠭᠠᠷ᠂ ᠬᠠᠷᠢᠭᠤᠴᠠᠯᠭ᠎ᠠ ᠪᠣᠯᠣᠨ ᠠᠷᠭ᠎ᠠ ᠬᠡᠮᠵᠢᠶ᠎ᠡ ᠶᠢ ᠨᠢᠭᠡᠳ ᠨᠢᠭᠡ ᠪᠠᠷ ᠨᠢ | ᠲᠤᠲᠤᠷᠬᠠᠶᠢᠯᠠᠵᠤ᠂ ᠠᠯᠢ ᠲᠦᠷᠭᠡᠨ ᠢᠶᠠᠷ ᠥᠭᠡᠷᠡᠴᠢᠯᠡᠨ ᠰᠠᠶᠢᠵᠢᠷᠠᠭᠤᠯᠬᠤ ᠶᠢ ᠲᠦᠯᠬᠢᠨ ᠠᠬᠢᠭᠤᠯᠤᠨ᠎ᠠ︔ ᠬᠠᠤᠯᠢ | ᠴᠠᠭᠠᠵᠠ ᠶᠢᠨ ᠨᠥᠬᠦᠴᠡᠯ ᠳᠤ ᠨᠡᠶᠢᠴᠡᠭᠰᠡᠨ ᠳᠤᠨᠢ᠂ ︽ᠲᠠᠪᠤᠨ ᠳᠡᠰ ᠢᠶᠠᠷ ᠪᠢᠲᠡᠭᠦᠮᠵᠢᠯᠡᠬᠦ︾ ᠶᠢ ᠬᠢᠨᠠᠮᠠᠭᠠᠢ | ᠨᠠᠶᠢᠳᠠᠪᠤᠷᠢᠵᠢᠭᠤᠯᠤᠨ᠎ᠠ︔ ᠬᠦᠨᠳᠦ ᠶᠡᠭᠡ ᠲᠦᠢᠮᠡᠷ ᠤᠨ ᠭᠡᠮ ᠰᠣᠭᠤᠭ ᠢ ᠪᠣᠯ ᠵᠠᠰᠠᠭ ᠤᠨ ᠣᠷᠳᠣᠨ ᠠᠴᠠ ᠨᠡᠷᠡᠯᠡᠨ | ᠵᠢᠭᠠᠵᠤ ᠰᠢᠮᠳᠠᠭᠤᠯᠤᠨ ᠭᠦᠢᠴᠡᠳᠬᠡᠯᠭᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ | ᠠᠷᠭ᠎ᠠ ᠪᠤᠲᠣᠯᠭ᠎ᠠ ᠶᠢ ᠶᠡᠷᠦᠩᠬᠡᠶᠢᠯᠡᠨ ᠬᠡᠷᠡᠭᠯᠡᠵᠦ᠂ ᠬᠤᠭᠤᠴᠠᠭ᠎ᠠ ᠶᠣᠰᠣᠭᠠᠷ ᠥᠭᠡᠷᠡᠴᠢᠯᠡᠨ ᠰᠠᠶᠢᠵᠢᠷᠠᠭᠤᠯᠵᠤ ᠭᠡᠮ | ᠰᠣᠭᠤᠭ ᠢ ᠠᠷᠢᠯᠭᠠᠬᠤ ᠶᠢ ᠪᠠᠲᠤᠯᠠᠬᠤ ᠬᠡᠷᠡᠭᠲᠡᠢ᠃ ᠭᠠᠯ ᠠᠯᠳᠠᠭᠰᠠᠨ ᠶᠠᠯ᠎ᠠ᠂ ᠭᠠᠯ ᠤᠨᠲᠠᠷᠠᠭᠠᠬᠤ | ᠬᠠᠷᠢᠭᠤᠴᠠᠯᠭ᠎ᠠ ᠶᠢᠨ ᠡ᠊ᠨᠳᠡᠯ ᠭᠠᠷᠭᠠᠭᠰᠠᠨ ᠶᠠᠯ᠎ᠠ ᠭᠡᠬᠦ ︽ᠬᠤᠶᠠᠷ ᠶᠠᠯ᠎ᠠ ︾ ᠶᠢᠨ ᠬᠡᠷᠡᠭ ᠲᠤᠯᠭᠠᠬᠤ ᠨᠥᠬᠦᠴᠡᠯ ᠳᠤ | ᠨᠡᠶᠢᠴᠡᠭᠰᠡᠨ ᠪᠠᠶᠢᠪᠠᠯ᠂ ᠴᠥᠮ ᠬᠠᠤᠯᠢ ᠶᠣᠰᠣᠭᠠᠷ ᠬᠡᠷᠡᠭ ᠲᠤᠯᠭᠠᠨ ᠪᠠᠶᠢᠴᠠᠭᠠᠨ ᠰᠢᠶᠳᠪᠦᠷᠢᠯᠡᠵᠦ᠂ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠭᠡᠳᠡᠷᠬᠦ ᠰᠢᠬᠠᠨ ᠴᠢᠩᠭ᠎ᠠ ᠲᠤᠯᠭᠠᠨ᠎ᠠ᠃ ᠵᠢᠷᠭᠤᠭ᠎ᠠ ᠳᠤ ᠵᠢᠵᠢᠭᠦᠷᠯᠡᠬᠦ | ᠪᠡᠯᠡᠳᠬᠡᠬᠦ ᠪᠠ ᠬᠠᠮᠲᠤᠷᠠᠨ ᠵᠢᠵᠢᠭᠦᠷᠯᠡᠵᠦ ᠬᠠᠮᠲᠤᠷᠠᠨ ᠬᠥᠳᠡᠯᠦᠯᠴᠡᠬᠦ ᠶᠢ ᠦᠨᠡᠨᠬᠦ ᠴᠢᠩᠭᠠᠳᠬᠠᠵᠤ᠂ ᠴᠢᠩᠭ᠎ᠠ ᠨᠢᠮᠪᠠᠢ | ᠨᠠᠷᠢᠨ ᠨᠢᠭᠲᠠ ᠪᠠᠶᠢᠵᠤ ᠠᠮᠤᠷ ᠲᠦᠪᠰᠢᠨ ᠤ ᠠᠳᠡᠯ ᠭᠠᠷᠬᠤ ᠶᠢ ᠰᠡᠷᠭᠡᠶᠢᠯᠡᠬᠦ ᠶᠢ ᠪᠠᠷᠢᠮᠲᠠᠯᠠᠨ᠂ ᠡᠪᠦᠯ ᠤᠨ | ᠤᠯᠠᠷᠢᠯ ᠤᠨ ᠲᠦᠢᠮᠡᠷ ᠢ ᠡᠷᠲᠡ ᠠᠴᠠ ᠤᠨᠲᠠᠷᠠᠭᠠᠵᠤ ᠪᠠᠭ᠎ᠠ ᠪᠠᠶᠢᠬᠤ ᠳᠤᠨᠢ ᠤᠨᠲᠠᠷᠠᠭᠠᠬᠤ ᠶᠢ ᠦᠨᠡᠨ ᠬᠦ ᠪᠠᠲᠤᠯᠠᠬᠤ | ᠬᠡᠷᠡᠭᠲᠡᠶ᠃ ᠡᠯ᠎ᠡ ᠭᠠᠵᠠᠷ ᠤᠨ ᠬᠢᠨ ᠲᠦᠷᠢᠶᠡᠰᠦᠨ ᠭᠡᠷ᠂ ᠣᠯᠠᠭᠤᠯᠠ ᠲᠦᠷᠢᠶᠡᠰᠦᠯᠡᠬᠦ ᠪᠠᠶᠢᠰᠢᠩ ᠪᠣᠯᠣᠨ ︽ | ᠭᠤᠷᠪᠠ ᠶᠢ ᠨᠢᠭᠡᠳᠬᠡᠭᠰᠡᠨ︾ ᠭᠠᠵᠠᠷ ᠲᠠᠯᠠᠪᠤᠷ ᠤᠨ ᠲᠦᠢᠮᠡᠷ ᠤᠨ ᠠᠶᠤᠯ ᠤᠨ ᠣᠨᠴᠠᠯᠢᠭ ᠲᠤᠨᠢ ᠴᠢᠭᠯᠡᠭᠦᠯᠦᠨ᠂ | ᠭᠠᠯ ᠢ ᠰᠡᠷᠭᠡᠶᠢᠯᠡᠬᠦ ᠲᠣᠭᠤᠷᠢᠨ ᠪᠠᠶᠢᠴᠠᠭᠠᠬᠤ ᠡᠩᠨᠡᠭᠡ᠂ ᠨᠡᠶᠢᠭᠡᠮ ᠲᠣᠭᠤᠷᠢᠭ᠂ ᠮᠠᠯᠵᠢᠬᠤ ᠲᠠᠷᠢᠶᠠᠯᠠᠬᠤ ᠲᠤᠰᠬᠤᠨ᠂ | ᠨᠡᠶᠢᠭᠡᠮ ᠤᠨ ᠨᠢᠭᠡᠴᠡ ᠶᠢᠨ ᠡᠯ᠎ᠡ ᠲᠥᠷᠥᠯ ᠤᠨ ᠭᠠᠯ ᠤᠨᠲᠠᠷᠠᠭᠠᠬᠤ ᠪᠢᠴᠢᠯ ᠥᠷᠲᠡᠭᠡᠨ ᠤ ᠭᠠᠯ ᠰᠡᠷᠭᠡᠶᠢᠯᠡᠨ | ᠤᠨᠲᠠᠷᠠᠭᠠᠬᠤ ᠪᠣᠯᠪᠠᠰᠤᠷᠠᠭᠤᠯᠤᠯ ᠪᠣᠯᠣᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠴᠢᠩᠭᠠᠳᠬᠠᠵᠤ᠂ ᠲᠡᠭᠦᠨ ᠢ | ᠡᠬᠢᠨ ᠤ ᠭᠠᠯ ᠢ ᠤᠨᠲᠠᠷᠠᠭᠠᠵᠤ ᠠᠪᠤᠷᠠᠨ ᠲᠤᠰᠠᠯᠠᠬᠤ ᠵᠢᠴᠢ ᠤᠯᠡᠠ ᠢ ᠵᠣᠬᠢᠶᠠᠨ ᠪᠠᠶᠢᠭᠤᠯᠵᠤ ᠲᠠᠷᠬᠠᠭᠠᠨ ᠶᠠᠪᠤᠭᠤᠯᠬᠤ | ᠴᠢᠳᠠᠪᠤᠷᠢ ᠶᠢ ᠪᠦᠷᠢᠯᠳᠦᠭᠦᠯᠦᠨ᠂ ᠦᠨᠳᠦᠰᠦᠨ ᠱᠠᠲᠤᠨ ᠤ ᠡᠯ᠎ᠡ ᠲᠦᠷᠦᠯ ᠤᠨ ᠰᠦᠯᠵᠢᠶ᠎ᠡ ᠶᠢᠨ ᠵᠣᠬᠢᠶᠠᠨ | ᠪᠠᠶᠢᠭᠤᠯᠤᠯᠲᠠ᠂ ᠠᠮᠤᠷ ᠢ ᠬᠠᠮᠠᠭᠠᠯᠠᠬᠤ ᠬᠠᠮᠲᠤᠷᠠᠭᠰᠠᠨ ᠰᠡᠷᠭᠡᠶᠢᠯᠡᠯᠲᠡ ᠶᠢᠨ ᠠᠩᠭᠢ᠂ ᠠᠮᠤᠷ ᠢ ᠬᠠᠮᠠᠭᠠᠯᠠᠬᠤ | ᠴᠠᠭᠳᠠᠨ ᠲᠣᠭᠤᠷᠢᠬᠤ ᠠᠩᠬᠢ ᠵᠢᠴᠢ ᠨᠢᠭᠡᠴᠡ᠂ ᠨᠡᠶᠢᠭᠡᠮ ᠲᠣᠭᠤᠷᠢᠭ ᠤᠨ ᠭᠠᠯ ᠤᠨᠲᠠᠷᠠᠭᠠᠬᠤ ᠪᠢᠴᠢᠯ ᠥᠷᠲᠡᠭᠡ | ᠵᠡᠷᠭᠡ ᠬᠦᠴᠦᠨ ᠴᠢᠳᠠᠯ ᠢ ᠡᠮᠬᠢᠯᠡᠨ ᠨᠡᠶᠢᠯᠡᠭᠦᠯᠵᠦ᠂ ᠴᠢᠬᠤᠯᠠ ᠪᠥᠬᠦᠢ ᠭᠠᠯ ᠤᠨᠲᠠᠷᠠᠭᠠᠬᠤ ᠪᠠᠭᠠᠵᠢ ᠬᠡᠷᠡᠭᠰᠡᠯ᠂ | ᠮᠡᠳᠡᠭᠡ ᠬᠤᠯᠪᠣᠭᠠᠨ ᠤ ᠲᠥᠬᠦᠭᠡᠷᠦᠮᠵᠢ ᠲᠣᠬᠢᠷᠠᠭᠤᠯᠵᠤ᠂ ᠲᠤᠰ ᠪᠡᠶ᠎ᠡ ᠶᠢᠨ ᠰᠥᠨᠢ ᠶᠢᠨ ᠵᠢᠵᠢᠭᠦᠷ ᠤᠨ | ᠲᠣᠬᠢᠷᠠᠭᠤᠯᠤᠯᠲᠠ ᠲᠠᠢ ᠤᠶᠠᠯᠳᠤᠭᠤᠯᠤᠨ᠂ ᠭᠠᠯ ᠰᠡᠷᠭᠡᠶᠢᠯᠡᠬᠦ ᠲᠣᠭᠤᠷᠢᠨ ᠪᠠᠶᠢᠴᠠᠭᠠᠬᠤ ᠵᠣᠬᠢᠴᠠᠩᠭᠤᠢ ᠲᠦᠷᠢᠮ ᠢ | ᠪᠠᠶᠢᠭᠤᠯᠤᠨ᠂ ᠭᠠᠯ ᠭᠠᠷᠤᠭᠰᠠᠨ ᠢ ᠣᠯᠵᠤ ᠮᠡᠳᠡᠮᠡᠭᠴᠡ ᠲᠡᠷᠡ ᠳᠣᠣᠷ᠎ᠠ ᠨᠢ ᠭᠠᠯ ᠤᠨᠲᠠᠷᠠᠭᠠᠵᠤ ᠠᠶᠤᠯ ᠠᠴᠠ | ᠠᠪᠤᠷᠠᠨ᠂ ᠡᠷᠲᠡ ᠠᠴᠠ ᠤᠨᠲᠠᠷᠠᠭᠠᠵᠤ ᠪᠠᠭ᠎ᠠ ᠪᠠᠶᠢᠬᠤ ᠳᠤᠨᠢ ᠤᠨᠲᠠᠷᠠᠭᠠᠬᠤ ᠶᠢ ᠦᠨᠡᠨᠬᠦ ᠪᠠᠲᠤᠯᠠᠬᠤ ᠬᠡᠷᠡᠭᠲᠡᠢ᠃ | ᠡᠯ᠎ᠡ ᠭᠠᠵᠠᠷ ᠤᠨ ᠬᠢᠨ ᠳᠠᠷᠤᠭ᠎ᠠ ᠪᠠᠶᠢᠯᠳᠤᠭᠴᠢᠳ ᠢ ᠵᠣᠬᠢᠶᠠᠨ ᠪᠠᠶᠢᠭᠤᠯᠵᠤ ᠲᠣᠬᠠᠢ ᠶᠢᠨ ᠭᠠᠵᠠᠷ ᠢ ᠲᠣᠲᠤᠷᠬᠠᠢ | ᠣᠶᠢᠯᠠᠭᠠᠬᠤ ᠰᠣᠷᠢᠯᠲᠠ ᠶᠢ ᠴᠢᠩᠭᠠᠳᠬᠠᠨ᠂ ︽ᠥᠨᠳᠥᠷ᠂ ᠳᠣᠣᠷ᠎ᠠ᠂ ᠶᠡᠭᠡ᠂ ᠬᠢᠮᠢ︾ ᠭᠠᠵᠠᠷ ᠲᠠᠯᠠᠪᠤᠷ ᠢ᠂ | ᠪᠦᠬᠦᠨ ᠢ ᠨᠢᠭᠡ ᠤᠳᠠᠭ᠎ᠠ ᠰᠠᠶᠢᠲᠤᠷ ᠣᠶᠢᠯᠠᠭᠠᠵᠤ᠂ ᠲᠦᠢᠮᠡᠷ ᠤᠨ ᠠᠶᠤᠯ ᠣᠯᠠᠨ ᠭᠠᠷᠳᠠᠭ ᠣᠷᠣᠨ ᠪᠦᠰᠡ ᠶᠢᠨ | ᠭᠠᠯ ᠤᠨᠲᠠᠷᠠᠭᠠᠬᠤ ᠱᠤᠭᠤᠮ ᠢ ᠰᠠᠶᠢᠲᠤᠷ ᠣᠶᠢᠯᠠᠭᠠᠵᠤ᠂ ᠲᠦᠢᠮᠡᠷ ᠭᠠᠷᠤᠮᠠᠭᠴᠠ ᠲᠦᠷᠭᠡᠨ ᠰᠢᠢᠳᠪᠦᠷᠢᠯᠡᠬᠦ ᠪᠠ | ᠰᠢᠨᠵᠢᠯᠡᠬᠦ ᠤᠬᠠᠭᠠᠨᠴᠢ ᠪᠠᠷ ᠠᠪᠤᠷᠠᠨ ᠲᠤᠰᠠᠯᠠᠬᠤ ᠶᠢ ᠦᠨᠡᠨᠬᠦ ᠪᠠᠲᠤᠯᠠᠬᠤ ᠬᠡᠷᠡᠭᠲᠡᠢ᠃ ᠭᠤᠣᠯᠳᠠᠯᠭ᠎ᠠ ᠲᠠᠢ ᠴᠠᠭ | ᠦᠶ᠎ᠡ᠂ ᠵᠠᠩᠭᠢᠯᠠᠭ᠎ᠠ ᠶᠢᠨ ᠴᠢᠭ᠋ ᠵᠢᠴᠢ ᠵᠠᠮ ᠬᠠᠷᠢᠯᠴᠠᠭ᠎ᠠ ᠲᠦᠭᠵᠢᠷᠡᠬᠦ ᠣᠷᠭᠢᠯ ᠤᠨ ᠦᠶ᠎ᠡ ᠳᠤ᠂ ᠬᠦᠴᠦᠨ ᠴᠢᠳᠠᠯ ᠢ | ᠨᠢᠭᠡ ᠯᠡ ᠤᠳᠠᠭ᠎ᠠ ᠳᠡᠭᠡᠷ᠎ᠡ ᠰᠢᠯᠵᠢᠭᠦᠯᠦᠨ ᠴᠤᠭᠯᠠᠭᠤᠯᠵᠤ᠂ ᠲᠤᠬᠠᠶ ᠶᠢᠨ ᠭᠠᠵᠠᠷ ᠲᠤ ᠡᠩ ᠲᠡᠷᠢᠭᠦᠨ ᠳᠤ ᠬᠦᠷᠴᠦ᠂ | ᠲᠦᠢᠮᠡᠷ ᠢ ᠡᠬᠢᠨ ᠤ ᠦᠶ᠎ᠡ ᠳᠤ ᠬᠡᠪᠴᠢᠶ᠎ᠡ ᠨᠢ ᠪᠠᠭ᠎ᠠ ᠪᠠᠶᠢᠬᠤ ᠳᠤᠨᠢ ᠤᠨᠲᠠᠷᠠᠭᠠᠬᠤ ᠬᠡᠷᠡᠭᠲᠡᠢ᠃ |