ᠥᠪᠥᠷ ᠮᠣᠩᠭᠤᠯ ᠰᠢᠨ᠎ᠡ ᠪᠠᠷ ᠬᠤᠪᠢᠰᠬᠠᠯ ᠤᠨ ᠲᠡᠦᠬᠡ ᠶᠢᠨ ᠮᠦᠽᠧᠶ ᠪᠠᠶᠢᠭᠤᠯᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2017/11/27
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠵᠤ ᠂ ᠪᠦᠬᠦ ᠣᠷᠣᠨ ᠤ ᠤᠨᠴᠠᠯᠢᠬᠳᠤ ᠮᠦᠽᠧᠶ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠶᠢᠨ ᠳᠣᠰᠠᠳᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠣᠷᠣᠨ ᠤ ᠲᠥᠪ ᠲᠤ ᠰᠢᠨ᠎ᠡ ᠪᠠᠷ ᠥᠪᠥᠷ ᠮᠣᠩᠭᠤᠯ ᠤᠨ ᠬᠤᠪᠢᠰᠬᠠᠯ ᠤᠨ ᠲᠡᠦᠬᠡ ᠶᠢᠨ ᠮᠦᠽᠧᠶ ᠪᠠᠶᠢᠭᠤᠯᠬᠤ ᠪᠠᠷ ᠲᠣᠭᠲᠠᠭ᠋ᠪᠠ᠃ ᠣᠳᠣ᠂ ᠲᠤᠰ ᠲᠥᠷᠥᠯ ᠵᠦᠢᠯ ᠤᠨ ᠪᠠᠷᠢᠯᠭ᠎ᠠ ᠶᠢᠨ ᠠᠵᠢᠯ ᠡᠬᠢᠯᠡᠬᠦ ᠠᠴᠠ ᠡᠮᠦᠨᠡᠬᠢ ᠪᠡᠯᠡᠳᠬᠡᠯ ᠠᠵᠢᠯ ᠶᠠᠭ ᠶᠠᠪᠤᠭᠳᠠᠵᠤ ᠪᠠᠶᠢᠨ᠎ᠠ᠃      ᠥᠪᠥᠷ ᠮᠣᠩᠭᠤᠯ ᠤᠨ ᠬᠤᠪᠢᠰᠬᠠᠯ ᠤᠨ ᠲᠡᠦᠬᠡ ᠶᠢᠨ ᠮᠦᠽᠧᠶ ᠶᠢᠨ ᠲᠥᠷᠥᠯ ᠵᠦᠢᠯ ᠨᠢ ᠰᠠᠶᠢᠬᠠᠨ ᠲᠣᠭᠤᠷᠢᠭ ᠤᠨ ᠨᠢᠰᠬᠡᠯ ᠤᠨ ᠪᠠᠭᠤᠳᠠᠯ ᠤᠨ ᠵᠠᠮ ᠤᠨ ᠡᠮᠦᠨᠡᠬᠢ ᠲᠤᠰᠠᠯᠠᠬᠤ ᠵᠠᠮ ᠠᠴᠠ ᠡᠮᠦᠨᠡᠰᠢ᠂ ᠷᠦ ᠢ ᠭᠤᠣᠯ ᠎ ᠤᠨ ᠸᠠᠨ ᠲᠣᠩ ᠵᠠᠮ ᠠᠴᠠ ᠵᠡᠭᠦᠨᠰᠢ᠂ ᠤᠤᠯ ᠤᠨ ᠬᠥᠬᠡᠬᠤᠲᠠ ᠶᠢᠨ ᠫᠢᠸᠤ᠋ ᠶᠢᠨ ᠦᠢᠯᠡᠳᠪᠦᠷᠢ ᠶᠢᠨ ᠬᠠᠭᠤᠴᠢᠨ ᠰᠠᠭᠤᠷᠢ ᠳᠡᠭᠡᠷ᠎ᠡ ᠪᠠᠶᠢᠭᠤᠯᠤᠨ᠎ᠠ᠃ ᠲᠥᠷᠥᠯ ᠵᠦᠢᠯ ᠤᠨ ᠶᠡᠷᠦᠩᠬᠡᠶ ᠲᠠᠯᠠᠪᠠᠢ ᠨᠢ 141800 ᠲᠡᠭᠰᠢ ᠳᠥᠷᠪᠡᠯᠵᠢᠨ ᠮᠧᠲᠷ᠂ ᠪᠠᠷᠢᠯᠭ᠎ᠠ ᠶᠢᠨ ᠶᠡᠷᠦᠩᠬᠡᠶ ᠲᠠᠯᠠᠪᠠᠶ ᠨᠢ 135820 ᠲᠡᠭᠰᠢ ᠳᠥᠷᠪᠡᠯᠵᠢᠨ ᠮᠧᠲᠷ᠂ ᠪᠠᠷᠢᠯᠭ᠎ᠠ ᠶᠢᠨ ᠬᠤᠭᠤᠴᠠᠭ᠎ᠠ ᠨᠢ 3 ᠵᠢᠯ᠂ ᠲᠥᠷᠥᠯ ᠵᠦᠢᠯ ᠢ ᠭᠠᠵᠠᠷ ᠳᠡᠭᠡᠷᠡᠬᠢ 5 ᠳᠠᠪᠬᠤᠷ ᠪᠠᠶᠢᠭᠤᠯᠤᠨ᠎ᠠ᠂ ᠭᠤᠣᠯ ᠴᠢᠳᠠᠪᠬᠢ ᠎ ᠨᠢ ᠶᠡᠷᠦᠩᠬᠡᠶᠢᠯᠡᠭᠰᠡᠨ ᠶᠡᠭᠡ ᠲᠠᠩᠬᠢᠮ᠂ ᠲᠠᠯᠠᠨ ᠬᠠᠷ᠎ᠠ ᠠᠭᠤᠯᠨ ᠶᠢᠨ ᠶᠠᠫᠣᠨ ᠢ ᠡᠰᠡᠷᠭᠦᠴᠡᠬᠦ ᠳᠠᠶᠢᠨ ᠤ ᠦᠵᠡᠭᠦᠯᠦᠯᠭᠡ ᠶᠢᠨ ᠲᠠᠩᠬᠢᠮ ᠂ ᠬᠤᠪᠢᠰᠬᠠᠯ ᠤᠨ ᠲᠡᠦᠬᠡᠨ ᠦᠵᠡᠭᠦᠯᠦᠯᠭᠡ ᠶᠢᠨ ᠲᠠᠩᠬᠢᠮ᠂ ᠥᠪᠥᠷ ᠮᠣᠩᠭᠤᠯ ᠤᠨ ᠮᠣᠷᠢᠲᠤ ᠴᠡᠷᠢᠭ ᠤᠨ ᠦᠵᠡᠭᠦᠯᠦᠯᠭᠡ ᠶᠢᠨ ᠲᠠᠩᠬᠢᠮ᠂ ᠮᠦᠽᠧᠶ ᠶᠢᠨ ᠵᠦᠢᠯᠡᠰ ᠤᠨ ᠮᠡᠷᠭᠡᠵᠢᠯ ᠤᠨ ᠲᠣᠭᠤᠷᠢᠭ᠂ ᠤᠯᠠᠨ ᠨᠡᠶᠢᠲᠡ ᠶᠢᠨ ᠦᠢᠯᠡᠴᠢᠯᠡᠭᠡᠨ ᠤ ᠲᠣᠭᠤᠷᠢᠭ᠂ ᠡᠷᠳᠡᠮ ᠰᠢᠨᠵᠢᠯᠡᠭᠡᠨ ᠤ ᠰᠤᠷᠭᠠᠨ ᠬᠥᠮᠦᠵᠢᠯ ᠤᠨ ᠲᠣᠭᠤᠷᠢᠭ᠂ ᠲᠤᠬᠠᠶᠢᠯᠠᠭᠰᠠᠨ ᠠᠵᠢᠯ ᠤᠨ ᠰᠤᠳᠤᠯᠭᠠᠨ ᠤ ᠲᠣᠭᠤᠷᠢᠭ᠂ ᠠᠷᠤ ᠲᠠᠯ᠎ᠠ ᠶᠢᠨ ᠠᠵᠢᠯ ᠤᠨ ᠵᠠᠰᠠᠭ ᠵᠠᠬᠢᠷᠭᠠᠨ ᠤ ᠲᠣᠭᠤᠷᠢᠭ ᠵᠡᠷᠭᠡ ᠪᠠᠷ ᠪᠦᠷᠢᠯᠳᠦᠨ᠎ᠡ᠃ ᠡᠭᠦᠨ ᠤ ᠳᠣᠲᠣᠷᠠᠬᠢ ᠪᠠᠷᠤᠭ 3 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠢ ᠶᠢ ᠨᠢ ᠥᠪᠥᠷ ᠮᠣᠩᠭᠤᠯ ᠤᠨ ᠬᠤᠪᠢᠰᠬᠠᠯ ᠤᠨ ᠲᠡᠦᠬᠡᠨ ᠦᠵᠡᠭᠦᠯᠦᠯᠭᠡ ᠳᠤ ᠬᠡᠷᠡᠭᠯᠡᠵᠦ᠂ ᠪᠠᠷᠤᠭ 3 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠢ ᠶᠢ ᠨᠢ ᠲᠠᠯᠠᠨ ᠬᠠᠷ᠎ᠠ ᠠᠭᠤᠯᠨ ᠶᠢᠨ ᠶᠠᠫᠣᠨ ᠢ ᠡᠰᠡᠷᠭᠦᠴᠡᠬᠦ ᠳᠠᠶᠢᠨ ᠤ ᠰᠠᠭᠤᠷᠢᠨ ᠭᠠᠵᠠᠷ ᠤᠨ ᠲᠡᠦᠬᠡ ᠶᠢᠨ ᠦᠵᠡᠭᠦᠯᠦᠯᠭᠡ ᠳᠤ ᠬᠡᠷᠡᠭᠯᠡᠵᠦ᠂ ᠪᠠᠷᠤᠭ 4 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠢ ᠶᠢ ᠨᠢ ᠨᠡᠶᠢᠲᠡ ᠶᠢᠨ ᠬᠡᠷᠡᠭᠯᠡᠭᠡᠨ ᠤ ᠦᠢᠯᠡᠴᠢᠯᠡᠭᠡ᠂ ᠲᠦᠷ ᠴᠠᠭ ᠤᠨ ᠦᠵᠡᠭᠦᠯᠦᠯᠭᠡ᠂ ᠬᠤᠷᠠᠯ ᠲᠠᠶᠢᠯᠤᠮᠵᠢ᠂ ᠡᠬᠡ ᠣᠷᠣᠨᠴᠢ ᠦᠵᠡᠯ ᠤᠨ ᠲᠠᠩᠭᠠᠷᠢᠭ ᠰᠤᠷᠭᠠᠨ ᠬᠥᠮᠦᠵᠢᠯ ᠵᠡᠷᠭᠡ ᠳᠤ ᠬᠡᠷᠡᠭᠯᠡᠵᠦ᠂ ᠪᠠᠷᠤᠭ 3.6 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠢ ᠶᠢ ᠨᠢ ᠢᠵᠢ ᠲᠥᠬᠦᠷ ᠮᠠᠰᠢᠨ ᠤ ᠥᠷᠥᠭᠡ᠂ ᠪᠡᠯᠡᠳᠬᠡᠮᠵᠢ ᠲᠥᠬᠦᠭᠡᠷᠦᠮᠵᠢ ᠶᠢᠨ ᠦᠷᠥᠭᠡ᠂ ᠬᠥᠮᠥᠷᠭᠡ᠂ ᠪᠠᠴᠢᠮ ᠪᠠᠶᠢᠳᠠᠯ ᠢ ᠠᠷᠭᠠᠴᠠᠬᠤ ᠭᠠᠯ ᠤᠨᠲᠠᠷᠠᠭᠠᠬᠤ ᠲᠣᠬᠢᠷᠠᠭᠤᠯᠭ᠎ᠠ᠂ ᠲᠡᠷᠭᠡᠨ ᠤ ᠵᠣᠭᠰᠣᠭᠠᠯ ᠵᠡᠷᠭᠡ ᠳᠤ ᠬᠡᠷᠡᠭᠯᠡᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号