2018 ᠣᠨ ᠤ ᠵᠠᠰᠠᠭ ᠤᠨ ᠣᠷᠳᠣᠨ ᠤ ᠳᠦᠷᠢᠮ ᠲᠣᠭᠲᠠᠭᠠᠯ ᠤᠨ ᠬᠠᠤᠯᠢ ᠲᠣᠭᠲᠠᠭᠠᠬᠤ ᠲᠦᠷᠦᠯ ᠵᠦᠢᠯ ᠳᠤ ᠨᠡᠶᠢᠭᠡᠮ ᠨᠡᠶᠢᠲᠡ ᠠᠴᠠ ᠰᠠᠨᠠᠭᠤᠯᠭ᠎ᠠ ᠴᠤᠭᠯᠠᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠲᠦᠷᠢᠮ ᠤᠨ ᠠᠯᠪᠠᠨ ᠭᠡᠷ ᠤᠨ ᠠᠯᠪᠠᠨ ᠵᠠᠷ
ᠨᠡᠶᠢᠲᠡᠯᠡᠭᠰᠡᠨ ᠴᠠᠭ᠄
2017/11/27
      ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠤ ᠬᠠᠤᠯᠢ ᠶᠣᠰᠣᠭᠠᠷ ᠤᠯᠤᠰ ᠢᠶᠠᠨ ᠵᠠᠰᠠᠬᠤ ᠦᠢᠯᠡᠳᠦᠯᠭᠡ ᠶᠢ ᠭᠦᠨᠵᠡᠭᠡᠶᠢᠷᠡᠭᠦᠯᠬᠦ ᠬᠡᠷᠡᠭᠲᠡᠶ᠃ ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ᠂ ᠠᠷᠠᠳᠴᠢᠯᠠᠯ ᠢᠶᠠᠷ ᠬᠠᠤᠯᠢ ᠲᠣᠭᠲᠠᠭᠠᠬᠤ᠂ ᠬᠠᠤᠯᠢ ᠶᠣᠰᠣᠭᠠᠷ ᠬᠠᠤᠯᠢ ᠲᠤᠭᠲᠠᠭᠠᠵᠤ᠂ ᠰᠠᠶᠢᠨ ᠬᠠᠤᠯᠢ ᠪᠠᠷ ᠬᠥᠭᠵᠢᠯᠲᠡ ᠶᠢ ᠠᠬᠢᠭᠤᠯᠵᠤ᠂ ᠴᠢᠳᠠᠮᠠᠭᠠᠶ ᠪᠠᠷ ᠵᠠᠰᠠᠬᠤ ᠶᠢ ᠪᠠᠲᠤᠯᠠᠬᠤ ᠬᠡᠷᠡᠭᠲᠡᠶ ᠬᠡᠵᠤ ᠳᠤᠷᠠᠳᠪᠠ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠤᠯᠤᠨ ᠬᠠᠤᠯᠢ ᠲᠣᠭᠲᠠᠭᠠᠬᠤ ᠠᠵᠢᠯ ᠢ ᠴᠢᠩᠭᠠᠳᠬᠠᠬᠤ ᠲᠤᠬᠠᠶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠱᠠᠭᠠᠷᠳᠠᠯᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠬᠠᠤᠯᠢ ᠲᠣᠭᠲᠠᠭᠠᠬᠤ ᠠᠵᠢᠯ ᠤᠨ ᠴᠢᠨᠠᠷ ᠴᠢᠨᠰᠠᠭ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠤ᠂ ᠵᠠᠰᠠᠭ ᠤᠨ ᠣᠷᠳᠣᠨ ᠤ ᠬᠠᠤᠯᠢ ᠲᠣᠭᠲᠠᠭᠠᠬᠤ ᠠᠵᠢᠯ ᠤᠨ ᠢᠯᠡ ᠲᠣᠳᠣ ᠶᠢᠨ ᠬᠡᠮᠵᠢᠶ᠎ᠡ ᠪᠤᠯᠤᠨ ᠤᠯᠠᠨ ᠨᠡᠶᠢᠲᠡ ᠶᠢᠨ ᠣᠷᠣᠯᠴᠠᠬᠤ ᠬᠡᠮᠵᠢᠶ᠎ᠡ ᠶᠢ ᠨᠡᠮᠡᠭᠳᠡᠭᠦᠯᠵᠤ᠂ ᠬᠠᠤᠯᠢ ᠲᠣᠭᠲᠠᠭᠠᠬᠤ ᠠᠵᠢᠯ ᠤᠨ ᠲᠥᠯᠥᠪᠯᠡᠭᠡ ᠶᠢᠨ ᠰᠢᠨᠵᠢᠯᠡᠬᠦ ᠤᠬᠠᠭᠠᠨᠴᠢ ᠴᠢᠨᠠᠷ᠂ ᠠᠷᠠᠳᠴᠢᠯᠠᠯᠲᠤ ᠴᠢᠨᠠᠷ ᠢ ᠴᠢᠩᠭᠠᠳᠬᠠᠵᠤ᠂ ᠵᠠᠰᠠᠭ ᠤᠨ ᠣᠷᠳᠣᠨ ᠤ ᠬᠠᠮᠢᠶᠠᠷᠤᠯᠲᠠ ᠶᠢᠨ ᠡᠯ᠎ᠡ ᠲᠠᠯ᠎ᠠ ᠶᠢᠨ ᠳᠦᠷᠢᠮ ᠢ ᠨᠡᠩ ᠪᠣᠯᠪᠠᠰᠤᠷᠠᠩᠭᠤᠶ ᠪᠦᠭᠡᠳ ᠨᠡᠩ ᠬᠡᠯᠪᠡᠷᠢᠵᠢᠩᠬᠦᠢ ᠪᠤᠯᠭᠠᠵᠤ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠶ᠂ ᠠᠷᠠᠳᠴᠢᠯᠠᠭᠰᠠᠨ ᠤᠯᠤᠰ ᠲᠦᠷᠦ᠂ ᠲᠡᠷᠢᠭᠦᠨ ᠤ ᠰᠣᠶᠣᠯ᠂ ᠡᠶ᠎ᠡ ᠵᠣᠬᠢᠴᠠᠩᠭᠤᠶ ᠨᠡᠶᠢᠭᠡᠮ᠂ ᠠᠮᠢ ᠠᠬᠤᠶ ᠶᠢᠨ ᠪᠣᠯᠪᠠᠰᠤᠨ ᠢ ᠪᠦᠳᠦᠭᠡᠨ ᠪᠠᠶᠢᠭᠤᠯᠵᠤ᠂ ᠬᠥᠮᠦᠨ ᠤ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠳᠤ ᠳᠦᠷᠢᠮ ᠤᠨ ᠬᠦᠴᠦᠲᠡᠶ ᠪᠠᠲᠤᠯᠠᠭ᠎ᠠ ᠶᠢ ᠬᠠᠩᠭᠠᠬᠤ ᠶᠢᠨ ᠲᠤᠯᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠳᠦᠷᠢᠮ ᠤᠨ ᠠᠵᠢᠯ ᠤᠨ ᠠᠯᠪᠠᠨ ᠭᠡᠷ 2018 ᠣᠨ ᠤ ᠵᠠᠰᠠᠭ ᠤᠨ ᠣᠷᠳᠣᠨ ᠤ ᠳᠦᠷᠢᠮ ᠲᠣᠭᠲᠠᠭᠠᠯ ᠤᠨ ᠬᠠᠤᠯᠢ ᠲᠣᠭᠲᠠᠭᠠᠬᠤ ᠲᠦᠷᠦᠯ ᠵᠦᠢᠯ ᠳᠤ ᠨᠡᠶᠢᠭᠡᠮ ᠨᠡᠶᠢᠲᠡ ᠠᠴᠠ ᠢᠯᠡ ᠪᠠᠷ ᠰᠠᠨᠠᠭᠤᠯᠭ᠎ᠠ ᠴᠤᠭᠯᠠᠭᠤᠯᠬᠤ ᠪᠠᠷ ᠲᠤᠭᠲᠠᠭᠠᠪᠠ᠃ 23 ᠤ ᠡᠳᠦᠷ ᠠᠴᠠ ᠡᠬᠢᠯᠡᠨ᠂ ᠶᠠᠮᠠᠷᠪᠠ ᠬᠤᠪᠢ ᠬᠥᠮᠦᠨ ᠪᠤᠶᠤ ᠨᠢᠭᠡᠴᠡ ᠵᠠᠬᠢᠳᠠᠯ ᠴᠢᠮᠡᠭᠡ᠂ ᠹᠠᠺᠰ ᠪᠣᠯᠤᠨ ᠡᠯᠧᠺᠲᠷᠣᠨ ᠰᠢᠦᠳᠠᠨ ᠤ ᠬᠡᠯᠪᠡᠷᠢ ᠪᠠᠷ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠶ ᠶᠢᠨ ᠪᠠᠶᠢᠭᠤᠯᠤᠯ ᠢ ᠪᠦᠷᠢᠨᠰᠢᠬᠦᠯᠬᠦ᠂ ᠨᠡᠶᠢᠭᠡᠮ ᠵᠢᠷᠤᠮ ᠤᠨ ᠠᠷᠠᠳᠴᠢᠯᠠᠭᠰᠠᠨ ᠤᠯᠤᠰ ᠲᠦᠷᠦ ᠶᠢ ᠬᠥᠭᠵᠢᠭᠦᠯᠬᠦ᠂ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ ᠪᠠᠶᠢᠭᠤᠯᠬᠤ᠂ ᠨᠡᠶᠢᠭᠡᠮ ᠢ ᠵᠠᠰᠠᠬᠤ ᠲᠠᠯ᠎ᠠ ᠪᠠᠷ ᠰᠢᠨ᠎ᠡ ᠶᠢ ᠡᠭᠦᠳᠬᠦ᠂ ᠠᠷᠠᠳ ᠢᠷᠭᠡᠨ ᠤ ᠡᠷᠬᠡ ᠠᠰᠢᠭ ᠢ ᠪᠠᠲᠤᠯᠠᠬᠤ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠠᠮᠢ ᠠᠬᠤᠶ ᠶᠢᠨ ᠣᠷᠴᠢᠨ ᠲᠤᠭᠤᠷᠢᠨ ᠢ ᠬᠠᠮᠠᠭᠠᠯᠠᠬᠤ ᠪᠠ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠬᠦᠷᠢᠶ᠎ᠡ ᠳᠠᠬᠢ ᠵᠠᠰᠠᠭ ᠤᠨ ᠣᠷᠳᠣᠨ ᠤ ᠳᠦᠷᠢᠮ ᠲᠣᠭᠲᠠᠭᠠᠯ ᠤᠨ ᠬᠠᠤᠯᠢ ᠲᠣᠭᠲᠠᠭᠠᠬᠤ ᠲᠦᠷᠦᠯ ᠵᠦᠢᠯ ᠳᠤ ᠪᠢᠴᠢᠭ ᠤᠨ ᠰᠠᠨᠠᠭᠤᠯᠭ᠎ᠠ ᠭᠠᠷᠭᠠᠵᠤ ᠪᠣᠯᠤᠨ᠎ᠠ᠃ ᠰᠢᠦᠳᠠᠨ ᠬᠠᠶᠢᠷᠴᠠᠭ ᠤᠨ ᠬᠠᠶ᠋ᠢᠭ᠄ nmgfzb2018@163.com᠃ ᠬᠠᠷᠢᠯᠴᠠᠬᠤ ᠤᠲᠠᠰᠤ ︵ᠹᠠᠺᠰ︶᠄ 0471 - 4824606᠂ 4824609᠃ ᠵᠠᠬᠢᠳᠠᠯ ᠨᠡᠪᠲᠡᠷᠡᠬᠦ ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ ᠶᠡᠭᠡ ᠵᠡᠭᠡᠯᠢ ᠶᠢᠨ 1 ᠳ᠋ᠦ᠋ᠭᠡᠷ ᠨᠤᠮᠧᠷ ᠨᠠᠮ ᠵᠠᠰᠠᠭ ᠤᠨ ᠪᠠᠶᠢᠭᠤᠯᠭ᠎ᠠ ᠶᠢᠨ ᠠᠯᠪᠠᠨ ᠭᠠᠵᠠᠷ ᠤᠨ ᠶᠡᠷᠦᠩᠬᠡᠶᠢᠯᠡᠭᠰᠡᠨ ᠠᠰᠠᠷ ᠲᠠᠬᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠳᠦᠷᠢᠮ ᠤᠨ ᠠᠵᠢᠯ ᠤᠨ ᠠᠯᠪᠠᠨ ᠭᠡᠷ ᠤᠨ 1050 ᠳ᠋ᠤᠭᠡᠷ ᠦᠷᠦᠭᠡ᠂ 1044 ᠳ᠋ᠤᠭᠡᠷ ᠦᠷᠦᠭᠡ᠂ 2017 ᠤᠨ ᠤ 12 ᠳ᠋ᠤᠭᠠᠷ ᠰᠠᠷ᠎ᠠ ᠶᠢᠨ 31 ᠤ ᠡᠳᠦᠷ ᠢᠶᠠᠷ ᠬᠢᠵᠠᠭᠠᠷᠯᠠᠨ᠎ᠠ᠃      ᠬᠤᠪᠢ ᠬᠥᠮᠦᠨ ᠪᠤᠶᠤ ᠨᠢᠭᠡᠴᠡ ᠰᠠᠨᠠᠭᠤᠯᠭ᠎ᠠ ᠳᠤᠷᠠᠳᠬᠤ ᠳᠠᠭᠠᠨ᠂ ᠬᠠᠤᠯᠢ ᠲᠣᠭᠲᠠᠭᠠᠬᠤ ᠲᠦᠷᠦᠯ ᠵᠦᠢᠯ ᠤᠨ ᠨᠡᠷᠡᠶᠢᠳᠦᠯ᠂ ᠬᠠᠤᠯᠢ ᠲᠣᠭᠲᠠᠭᠠᠬᠤ ᠶᠢᠨ ᠴᠢᠬᠤᠯᠠ ᠴᠢᠨᠠᠷ᠂ ᠰᠢᠶᠳᠪᠦᠷᠢᠯᠡᠬᠦ ᠭᠤᠣᠯ ᠠᠰᠠᠭᠤᠳᠠᠯ᠂ ᠲᠤᠭᠲᠠᠭᠠᠬᠤ ᠪᠠᠷ ᠪᠠᠶᠢᠭ᠎ᠠ ᠭᠤᠣᠯ ᠲᠥᠷᠢᠮ ᠵᠢᠴᠢ ᠬᠤᠯᠪᠣᠭᠳᠠᠯ ᠪᠦᠬᠦᠢ ᠪᠠᠶᠢᠳᠠᠯ ᠢ ᠲᠣᠳᠣᠷᠬᠠᠶ ᠪᠢᠴᠢᠬᠦ ᠶᠢᠨ ᠬᠠᠮᠲᠤ᠂ ᠤᠪᠦᠬ ᠨᠡᠷ᠎ᠡ ᠪᠤᠶᠤ ᠨᠡᠷᠡᠶᠢᠳᠦᠯ ᠵᠢᠴᠢ ᠬᠠᠷᠢᠯᠴᠠᠬᠤ ᠬᠡᠯᠪᠡᠷᠢ ᠪᠠᠨ ᠲᠤᠲᠤᠷᠬᠠᠶᠢᠯᠠᠭᠰᠠᠨ ᠪᠠᠶᠢᠬᠤ ᠬᠡᠷᠡᠭᠲᠠᠢ᠃ ᠡᠯᠰᠡᠨ ᠴᠤᠭᠯᠠᠭᠤᠯᠤᠭᠰᠠᠨ ᠬᠠᠤᠯᠢ ᠲᠣᠭᠲᠠᠭᠠᠬᠤ ᠲᠦᠷᠦᠯ ᠵᠦᠢᠯ ᠤᠨ ᠲᠤᠬᠠᠶ ᠰᠠᠨᠠᠭᠤᠯᠭ᠎ᠠ ᠶᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠠᠤᠯᠢ ᠳᠦᠷᠢᠮ ᠤᠨ ᠠᠯᠪᠠᠨ ᠭᠡᠷ ᠬᠤᠯᠪᠣᠭᠳᠠᠯ ᠪᠥᠬᠦᠢ ᠰᠠᠯᠠᠭ᠎ᠠ ᠮᠥᠴᠢᠷ ᠲᠠᠢ ᠬᠠᠮᠲᠤᠷᠠᠨ᠂ 2018 ᠣᠨ ᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠦᠷᠢᠮ ᠲᠣᠭᠲᠠᠭᠠᠯ ᠤᠨ ᠬᠠᠤᠯᠢ ᠲᠣᠭᠲᠠᠭᠠᠬᠤ ᠠᠵᠢᠯ ᠤᠨ ᠲᠥᠯᠥᠪᠯᠡᠭᠡ ᠲᠠᠢ  ᠤᠶᠠᠯᠳᠤᠭᠤᠯᠤᠨ ᠨᠠᠷᠢᠨ ᠬᠢᠨᠠᠮᠠᠭᠠᠶ ᠡᠮᠬᠢᠯᠡᠨ ᠰᠤᠳᠤᠯᠬᠤ ᠶᠢᠨ ᠳᠠᠭᠠᠤ ᠰᠠᠨᠠᠭᠤᠯᠭ᠎ᠠ ᠶᠢ ᠬᠦᠯᠢᠶᠡᠨ ᠠᠪᠴᠤ ᠬᠡᠷᠡᠭᠯᠡᠭᠰᠡᠨ ᠪᠠᠶᠢᠳᠠᠯ ᠢᠶᠠᠨ ᠨᠡᠶᠢᠭᠡᠮ ᠨᠡᠶᠢᠲᠡ ᠳᠤ ᠴᠠᠭ ᠲᠤᠬᠠᠶ ᠳᠤᠨᠢ ᠬᠠᠷᠢᠭᠤ ᠲᠤᠰᠬᠠᠨ᠎ᠠ᠃                   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠲᠦᠷᠢᠮ ᠤᠨ ᠠᠯᠪᠠᠨ ᠬᠡᠷ                   2017 ᠤᠨ ᠤ 11 ᠳ᠋ᠤᠭᠡᠷ ᠰᠠᠷ᠎ᠠ ᠶᠢᠨ 23 ᠤ ᠡᠳᠦᠷ
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号