ᠪᠦᠬᠦ ᠤᠷᠤᠨ ᠤ ᠬᠤᠶᠠᠳᠤᠭᠠᠷ ᠬᠤᠭᠤᠴᠠᠭᠠᠨ ᠤ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠢ ᠰᠡᠳᠦᠪᠲᠦ ᠡᠭᠡᠯᠵᠢᠯᠡᠨ ᠪᠤᠯᠪᠠᠰᠤᠷᠠᠭᠤᠯᠬᠤ ᠠᠩᠬᠢ ᠦᠪᠦᠷ ᠮᠤᠩᠭᠤᠯ ᠤᠨ ᠨᠠᠮ ᠤᠨ ᠰᠤᠷᠭᠠᠭᠤᠯᠢ ᠳᠤ ᠰᠤᠷᠤᠯᠭ᠎ᠠ ᠡᠬᠢᠯᠡᠪᠡ
ᠨᠡᠶᠢᠲᠡᠯᠡᠭᠰᠡᠨ ᠴᠠᠭ᠄
2017/11/28
      11 ᠳ᠋ᠤᠭᠡᠷ ᠰᠠᠷ᠎ᠠ ᠶᠢᠨ 27᠎ ᠤ ᠡᠳᠦᠷ᠂ ᠪᠦᠬᠦ ᠤᠷᠤᠨ ᠤ ᠬᠤᠶᠠᠳᠤᠭᠠᠷ ᠬᠤᠭᠤᠴᠠᠭᠠᠨ ᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠢ ᠰᠡᠳᠦᠪᠳᠦ ᠡᠭᠡᠯᠵᠢᠯᠡᠨ ᠪᠤᠯᠪᠠᠰᠤᠷᠠᠭᠤᠯᠬᠤ ᠠᠩᠬᠢ ᠦᠪᠦᠷ ᠮᠤᠩᠭᠤᠯ ᠤᠨ ᠨᠠᠮ ᠤᠨ ᠰᠤᠷᠭᠠᠭᠤᠯᠢ ᠳᠤ ᠰᠤᠷᠤᠯᠭ᠎ᠠ ᠡᠬᠢᠯᠡᠪᠡ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠰᠤᠷᠤᠯᠭ᠎ᠠ ᠡᠬᠢᠯᠡᠭᠦ ᠶᠤᠰᠤᠯᠠᠯ ᠳᠤ ᠤᠷᠤᠯᠴᠠᠵᠤ ᠬᠠᠪᠰᠤᠷᠤᠨ ᠵᠢᠯᠤᠭᠤᠳᠬᠤ ᠮᠡᠳᠡᠭᠦᠯᠦᠯᠳᠡ ᠬᠢᠭᠦ ᠳᠡᠭᠡᠨ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ ᠰᠢᠨ᠎ᠠ ᠴᠠᠭ ᠦᠶ᠎ᠠ ᠶᠢᠨ ᠦᠵᠡᠰᠭᠦᠯᠡᠩᠳᠦ ᠰᠠᠶᠢᠬᠠᠨ ᠦᠪᠦᠷ ᠮᠤᠩᠭᠤᠯ ᠢ ᠪᠦᠳᠦᠭᠡᠨ ᠪᠠᠶᠢᠭᠤᠯᠬᠤ ᠰᠢᠨ᠎ᠠ ᠬᠠᠭᠤᠳᠠᠰᠦ ᠶᠢ ᠪᠢᠴᠢᠭᠯᠡᠭᠦ ᠬᠡᠷᠡᠭᠳᠡᠢ ᠬᠡᠵᠤ ᠴᠢᠬᠤᠯᠠᠴᠢᠯᠠᠪᠠ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠡᠭᠭᠤ ᠶᠢᠨ ᠬᠡᠰᠢᠭᠦᠨ᠂ ᠵᠤᠬᠢᠶᠠᠨ ᠪᠠᠶᠢᠭᠤᠯᠬᠤ ᠬᠡᠯᠳᠡᠰ ᠤᠨ ᠲᠠᠷᠤᠭ᠎ᠠ ᠽᠧᠩ ᠢ ᠴᠦᠨ ᠰᠤᠷᠤᠯᠭ᠎ᠠ ᠡᠬᠢᠯᠡᠭᠦ ᠶᠤᠰᠤᠯᠠᠯ ᠢ ᠡᠷᠬᠢᠯᠡᠪᠡ᠃
     11 ᠳ᠋ᠤᠭᠡᠷ ᠰᠠᠷ᠎ᠠ ᠶᠢᠨ 27᠎ ᠤ ᠡᠳᠦᠷ᠂ ᠪᠦᠬᠦ ᠤᠷᠤᠨ ᠤ ᠬᠤᠶᠠᠳᠤᠭᠠᠷ ᠬᠤᠭᠤᠴᠠᠭᠠᠨ ᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠢ ᠰᠡᠳᠦᠪᠳᠦ ᠡᠭᠡᠯᠵᠢᠯᠡᠨ ᠪᠤᠯᠪᠠᠰᠤᠷᠠᠭᠤᠯᠬᠤ ᠠᠩᠬᠢ ᠦᠪᠦᠷ ᠮᠤᠩᠭᠤᠯ ᠤᠨ ᠨᠠᠮ ᠤᠨ ᠰᠤᠷᠭᠠᠭᠤᠯᠢ ᠳᠤ ᠰᠤᠷᠤᠯᠭ᠎ᠠ ᠡᠬᠢᠯᠡᠪᠡ᠃      ᠪᠦ᠋ ᠰᠢᠶᠤᠤ ᠯᠢᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠬᠠᠮᠤᠭ ᠤᠨ ᠶᠡᠭᠡ ᠲᠡᠤᠭᠡᠳᠦ ᠬᠤᠪᠢ ᠨᠡᠮᠡᠷᠢ ᠪᠤᠯ ᠲᠠᠷᠤᠢ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠨᠠᠮ ᠤᠨ ᠵᠢᠯᠤᠭᠤᠳᠬᠤ ᠦᠵᠡᠯ ᠰᠠᠨᠠᠭ᠎ᠠ ᠪᠠᠷ ᠲᠤᠬᠳᠠᠭᠠᠬᠰᠠᠨ ᠶᠠᠪᠤᠳᠠᠯ ᠪᠤᠯᠤᠨ᠎ᠠ᠃ ᠪᠢᠳᠡ ᠡᠨᠡᠭᠦ ᠴᠢᠬᠤᠯᠠ ᠦᠵᠡᠯ ᠰᠠᠨᠠᠭᠠᠨ ᠤ ᠪᠠᠶᠠᠯᠢᠭ ᠠᠭᠤᠯᠤᠬᠳᠠᠬᠤᠨ ᠪᠤᠯᠤᠨ ᠦᠢᠯᠡᠳᠦᠯᠭᠡ ᠶᠢᠨ ᠱᠠᠭᠠᠷᠳᠠᠯᠭ᠎ᠠ ᠶᠢ ᠬᠦᠨᠵᠡᠭᠡᠢ ᠤᠶᠢᠯᠠᠭᠠᠵᠤ᠂ ᠤᠬᠠᠮᠰᠠᠷ ᠠᠴᠠ ᠪᠠᠨ ᠤᠶᠤᠨ ᠰᠠᠨᠠᠭ᠎ᠠ ᠪᠠᠨ ᠵᠡᠪᠰᠡᠭᠯᠡᠨ᠂ ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ ᠠᠬᠢᠭᠤᠯᠬᠤ ᠬᠡᠷᠡᠭᠳᠡᠢ᠃ ᠲᠠᠪᠤᠨ ᠵᠢᠯ ᠤᠨ ᠲᠤᠷᠰᠢᠬᠢ ᠨᠠᠮ ᠪᠤᠯᠤᠨ ᠤᠯᠤᠰ ᠤᠨ ᠠᠵᠢᠯ ᠦᠢᠯᠡᠰ ᠤᠨ ᠲᠡᠤᠭᠡᠳᠦ ᠴᠢᠨᠠᠷᠳᠠᠢ ᠬᠤᠪᠢᠰᠤᠯᠳᠠ ᠶᠢ ᠬᠦᠢᠴᠡᠳ ᠲᠠᠨᠢᠬᠤ ᠳᠤ ᠬᠠᠮᠤᠭ ᠤᠨ ᠴᠢᠬᠤᠯᠠ ᠨᠢ ᠶᠡᠷᠦᠩᠬᠡᠢ ᠱᠦᠵᠢ ᠰᠢ ᠶᠢᠨ ᠫᠢᠩ ᠢᠶᠠᠷ ᠪᠦᠬᠦ ᠨᠠᠮ ᠤᠨ ᠤᠳᠤᠷᠢᠳᠤᠯᠭ᠎ᠠ ᠪᠤᠯᠭᠠᠵᠤ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠰᠢᠨᠵᠢᠯᠡᠭᠦ ᠤᠬᠠᠭᠠᠨᠴᠢ ᠵᠢᠯᠤᠭᠤᠳᠤᠯᠭ᠎ᠠ ᠪᠠᠶᠢᠬᠤ ᠳᠤ ᠤᠷᠤᠰᠢᠨ᠎ᠠ᠂ ᠪᠢᠳᠡ ︽ᠲᠦᠷᠪᠡᠨ ᠤᠬᠠᠮᠰᠠᠷ︾᠎ ᠢᠶᠠᠨ ᠪᠠᠳᠤ ᠪᠤᠢ ᠪᠤᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠡᠨᠡᠭᠦ ᠭᠤᠤᠯᠯᠠᠬᠴᠢ ᠪᠠᠨ ᠡᠷᠡᠰ ᠬᠠᠮᠠᠭᠠᠯᠠᠵᠤ᠂ ᠨᠠᠮ ᠤᠨ ᠲᠦᠪ ᠬᠤᠷᠢᠶ᠎ᠠ ᠶᠢᠨ ᠡᠷᠭᠡ ᠰᠦᠷ ᠪᠤᠯᠤᠨ ᠲᠦᠪᠯᠡᠷᠡᠩᠭᠦᠢ ᠨᠢᠭᠡᠳᠦᠯᠳᠡᠢ ᠤᠳᠤᠷᠢᠳᠤᠯᠭ᠎ᠠ ᠶᠢ ᠬᠠᠮᠠᠭᠠᠯᠠᠬᠤ ᠬᠡᠷᠡᠭᠳᠡᠢ ᠬᠡᠵᠤ ᠵᠢᠭᠠᠵᠤ ᠭᠠᠷᠭᠠᠪᠠ᠃
     11 ᠳ᠋ᠤᠭᠡᠷ ᠰᠠᠷ᠎ᠠ ᠶᠢᠨ 27᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠪᠦᠬᠦ ᠤᠷᠤᠨ ᠤ ᠬᠤᠶᠠᠳᠤᠭᠠᠷ ᠬᠤᠭᠤᠴᠠᠭᠠᠨ ᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠢ ᠰᠡᠳᠦᠪᠳᠦ ᠡᠭᠡᠯᠵᠢᠯᠡᠨ ᠪᠤᠯᠪᠠᠰᠤᠷᠠᠭᠤᠯᠬᠤ ᠠᠩᠬᠢ ᠶᠢᠨ ᠰᠤᠷᠤᠯᠭ᠎ᠠ ᠡᠬᠢᠯᠡᠭᠦ ᠶᠤᠰᠤᠯᠠᠯ ᠳᠡᠭᠡᠷ᠎ᠡ ᠬᠠᠪᠰᠤᠷᠤᠨ ᠵᠢᠯᠤᠭᠤᠳᠬᠤ ᠮᠡᠳᠡᠭᠦᠯᠦᠯᠳᠡ ᠬᠢᠪᠡ᠃      ᠪᠦ᠋ ᠰᠢᠶᠤᠤ ᠯᠢᠨ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠰᠢᠨ᠎ᠠ ᠴᠠᠭ ᠦᠶ᠎ᠠ ᠳᠤ ᠤᠷᠤᠬᠰᠠᠨ ᠴᠢᠬᠤᠯᠠ ᠶᠡᠭᠡ ᠠᠴᠢ ᠬᠤᠯᠪᠤᠬᠳᠠᠯ᠂ ᠮᠠᠨ ᠤ ᠤᠯᠤᠰ ᠤᠨ ᠨᠡᠶᠢᠭᠡᠮ ᠤᠨ ᠭᠤᠤᠯ ᠵᠦᠷᠢᠴᠡᠯ ᠤᠨ ᠬᠤᠪᠢᠷᠠᠯᠳᠠ ᠶᠢᠨ ᠠᠯᠤᠰ ᠬᠡᠳᠦ ᠶᠢᠨ ᠨᠦᠯᠦᠭᠡ᠂ ︽ᠬᠤᠶᠠᠷ ᠵᠠᠭᠤᠨ ᠵᠢᠯ︾᠎ ᠤᠨ ᠲᠡᠮᠡᠴᠡᠭᠦ ᠬᠠᠷᠠᠯᠳᠠ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠬᠦᠨᠵᠡᠭᠡᠢ ᠤᠶᠢᠯᠠᠭᠠᠬᠤ ᠬᠡᠷᠡᠭᠳᠡᠢ᠃ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠭᠦ ᠰᠢᠢᠳᠪᠦᠷᠢᠳᠦ ᠢᠯᠠᠯᠳᠠ ᠶᠢ ᠤᠯᠬᠤ ᠲᠤᠭᠤᠷᠢᠨ ᠳᠤ᠂ ᠬᠦᠨᠳᠤ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂  ᠲᠤᠶᠢᠯ ᠤᠨ ᠤᠨᠤᠪᠴᠢᠲᠠᠢ ᠪᠠᠷ ᠶᠠᠳᠠᠭᠤ ᠠᠴᠠ ᠠᠩᠬᠢᠵᠢᠷᠠᠭᠤᠯᠬᠤ᠂ ᠪᠤᠬᠢᠷᠳᠦᠯ ᠢ ᠰᠡᠷᠭᠡᠶᠢᠯᠡᠨ ᠵᠠᠰᠠᠬᠤ ᠭᠤᠷᠪᠠᠨ ᠶᠡᠭᠡ ᠰᠢᠪᠲᠤᠯᠤᠯᠲᠠ ᠶᠢᠨ ᠢᠯᠠᠯᠳᠠ ᠶᠢ ᠤᠯᠬᠤ ᠬᠡᠷᠡᠭᠳᠡᠢ᠃ ᠰᠢᠨ᠎ᠠ ᠴᠠᠭ ᠦᠶ᠎ᠠ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠪᠤᠯᠤᠨ ᠭᠤᠤᠯᠳᠠᠯᠭ᠎ᠠ ᠲᠠᠢ ᠡᠭᠦᠷᠭᠡ ᠶᠢ ᠵᠦᠪ ᠤᠨᠤᠪᠴᠢᠳᠠᠢ ᠡᠵᠡᠮᠰᠢᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠡᠷᠡᠰ ᠭᠤᠶᠢᠪᠢᠰᠢ ᠦᠭᠡᠢ ᠠᠬᠢᠭᠤᠯᠬᠤ ᠬᠡᠷᠡᠭᠳᠡᠢ ᠬᠡᠵᠤ ᠵᠢᠭᠠᠵᠤ ᠭᠠᠷᠭᠠᠪᠠ᠃      ᠪᠦ᠋ ᠰᠢᠶᠤᠤ ᠯᠢᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠳᠤ ᠰᠤᠷᠤᠯᠴᠠᠨ ᠮᠡᠳᠡᠵᠤ ᠨᠡᠪᠳᠡᠷᠡᠳᠡᠯ᠎ᠠ ᠤᠶᠢᠯᠠᠭᠠᠨ ᠪᠤᠳᠠᠲᠠᠶᠢᠵᠢᠭᠤᠯᠵᠤ᠂ ᠤᠬᠠᠮᠰᠠᠷ ᠠᠴᠠ ᠪᠠᠨ ᠶᠡᠭᠡ ᠲᠠᠯ᠎ᠠ ᠠᠴᠠ ᠠᠰᠠᠭᠤᠳᠠᠯ ᠢ ᠪᠤᠳᠤᠯᠬᠢᠯᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠦᠨᠡᠨ ᠪᠤᠳᠠᠳᠠᠢ ᠬᠦᠭᠵᠢᠯᠳᠡ ᠶᠢᠨ ᠦᠷ᠎ᠠ ᠪᠦᠳᠦᠭᠡᠯ ᠪᠤᠯᠭᠠᠨ ᠤᠯᠠᠷᠢᠭᠤᠯᠵᠤ᠂ ᠰᠢᠨ᠎ᠠ ᠴᠠᠭ ᠦᠶ᠎ᠠ ᠶᠢᠨ ︽ᠦᠵᠡᠰᠭᠦᠯᠡᠩᠳᠦ ᠰᠠᠶᠢᠬᠠᠨ ᠦᠪᠦᠷ ᠮᠤᠩᠭᠤᠯ ᠢᠶᠠᠨ ᠪᠦᠳᠦᠭᠡᠨ ᠪᠠᠶᠢᠭᠤᠯᠵᠤ᠂ ᠠᠭᠤᠤ ᠶᠡᠭᠡ ᠲᠤᠮᠳᠠᠳᠤ ᠶᠢᠨ ᠵᠡᠭᠦᠳᠦ ᠪᠠᠨ ᠬᠠᠮᠳᠤᠪᠡᠷ ᠲᠡᠷᠬᠡᠯᠰᠢᠭᠦᠯᠭᠦ︾ ᠰᠢᠨ᠎ᠠ ᠬᠠᠭᠤᠳᠠᠰᠦ ᠶᠢ ᠴᠢᠷᠮᠠᠶᠢᠨ ᠪᠢᠴᠢᠭᠯᠡᠭᠦ ᠬᠡᠷᠡᠭᠳᠡᠢ ᠬᠡᠵᠤ ᠵᠢᠭᠠᠵᠤ ᠭᠠᠷᠭᠠᠪᠠ᠃      ᠡᠯ᠎ᠠ ᠠᠶᠢᠮᠠᠭ ᠬᠤᠳᠠ ᠶᠢᠨ ᠨᠠᠮ ᠤᠨ ᠬᠤᠷᠢᠶ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ᠂ ᠵᠠᠰᠠᠭ ᠤᠨ ᠤᠷᠳᠤᠨ᠂ ᠤᠯᠤᠰ ᠲᠦᠷᠦ ᠶᠢᠨ ᠵᠦᠪᠯᠡᠯᠭᠡᠨ ᠪᠠ ᠦᠪᠡᠷᠳᠡᠭᠡᠨ ᠵᠠᠰᠠᠬᠤ ᠤᠷᠤᠨ ᠤ ᠰᠢᠭᠤᠳ ᠬᠠᠷᠢᠶ᠎ᠠ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠬᠠᠷᠢᠭᠤᠴᠠᠯᠭᠠᠳᠠᠨ ᠨᠦᠬᠦᠳ᠂ ᠬᠤᠰᠢᠭᠤ ᠰᠢᠶᠠᠨ ︵ᠬᠤᠳᠠ᠂ ᠲᠤᠭᠤᠷᠢᠭ︶᠎ ᠤ ᠨᠠᠮ ᠵᠠᠰᠠᠭ ᠤᠨ ᠭᠤᠤᠯ ᠬᠠᠷᠢᠭᠤᠴᠠᠯᠭᠠᠳᠠᠨ 250 ᠭᠠᠷᠤᠢ ᠬᠦᠮᠦᠨ ᠲᠤᠰ ᠬᠤᠭᠤᠴᠠᠭᠠᠨ ᠤ ᠡᠭᠡᠯᠵᠢᠯᠡᠨ ᠪᠤᠯᠪᠠᠰᠤᠷᠠᠭᠤᠯᠤᠯ ᠳᠤ ᠤᠷᠤᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号