ᠥᠨᠥᠬᠡᠨ᠂ ᠤᠯᠠᠭᠠᠨᠴᠠᠪ ᠬᠤᠲᠠ ᠨᠤᠲᠤᠭ ᠪᠡᠯᠴᠢᠭᠡᠷ ᠤᠨ ᠡᠷᠬᠡ ᠶᠢ ᠨᠤᠲᠠᠯᠠᠨ ᠳᠠᠭᠠᠭᠠᠴᠢᠯᠠᠭᠤᠯᠬᠤ | ᠠᠵᠢᠯ ᠢ ᠳᠥᠯᠭᠢᠨ ᠠᠬᠢᠭᠤᠯᠬᠤ ᠬᠤᠷᠠᠯ ᠬᠢᠪᠡ᠃ ᠬᠤᠷᠠᠯ ᠳᠤ ᠤᠷᠢᠳ ᠢᠶᠠᠷ ᠡᠯ᠎ᠡ ᠬᠤᠰᠢᠭᠤ ᠰᠢᠶᠠᠨ ᠨᠤᠭᠤᠳ ᠤᠨ | ᠨᠤᠲᠤᠭ ᠪᠡᠯᠴᠢᠭᠡᠷ ᠤᠨ ᠡᠷᠬᠡ ᠶᠢ ᠨᠤᠲᠠᠯᠠᠨ ᠲᠣᠭᠲᠠᠭᠠᠬᠤ ᠠᠵᠢᠯ ᠤᠨ ᠠᠬᠢᠴᠠ ᠶᠢᠨ ᠪᠠᠶᠢᠳᠠᠯ ᠢ ᠰᠣᠨᠣᠰᠴᠤ᠂ | ᠳᠠᠷᠠᠭᠠᠴᠢ ᠶᠢᠨ ᠠᠵᠢᠯ ᠳᠤ ᠪᠣᠳᠠᠲᠠᠶ ᠲᠣᠬᠢᠷᠠᠭᠤᠯᠤᠯᠲᠠ ᠬᠢᠵᠡᠢ᠄ ᠨᠢᠭᠡ ᠳᠤ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠴᠢᠩᠭᠠᠳᠬᠠᠨ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠬᠦ ᠬᠡᠷᠡᠭᠲᠡᠢ᠂ ᠡᠯ᠎ᠡ | ᠭᠠᠵᠠᠷ ᠤᠨ ᠬᠢᠨ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠳᠡᠭᠡᠳᠦ ᠬᠡᠮᠵᠢᠶᠡᠨ ᠤ ᠪᠠᠴᠢᠮ | ᠲᠤᠯᠭᠠᠮ᠎ᠠ ᠰᠡᠳᠬᠢᠯᠭᠡ ᠲᠠᠢ ᠪᠠᠶᠢᠵᠤ᠂ ᠴᠠᠭ ᠢᠶᠠᠨ ᠲᠣᠩᠭᠤᠷᠤᠤ ᠵᠢᠭᠰᠠᠭᠠᠵᠤ᠂ ᠡᠨᠡ ᠵᠢᠯ ᠤᠨ ᠦᠯᠡᠳᠡᠵᠦ ᠪᠠᠶᠢᠭ᠎ᠠ | ᠬᠤᠶᠠᠷᠬᠠᠨ ᠰᠠᠷ᠎ᠠ ᠶᠢᠨ ᠴᠠᠭ ᠢ ᠠᠰᠢᠭᠯᠠᠨ᠂ ᠠᠬᠢᠭᠤᠯᠤᠨ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ | ᠠᠳᠬᠤᠵᠤ᠂ ᠲᠣᠭᠲᠠᠭᠰᠠᠨ ᠬᠤᠭᠤᠴᠠᠭᠠᠨ ᠳᠤ ᠡᠭᠦᠷᠭᠡ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ | ᠱᠠᠭᠠᠷᠳᠠᠵᠠᠢ᠃ ᠬᠤᠶᠠᠷ ᠲᠤ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠵᠤ᠂ ᠨᠠᠶᠢᠳᠠᠪᠤᠷᠢᠵᠢᠭᠤᠯᠤᠯᠲᠠ ᠶᠢ | ᠬᠦᠴᠦᠲᠡᠶ ᠠᠳᠬᠤᠬᠤ ᠬᠡᠷᠡᠭᠲᠡᠢ᠂ ᠪᠡᠶᠡᠯᠡᠭᠦᠯᠬᠦ ᠠᠬᠢᠴᠠ ᠤᠳᠠᠭᠠᠨ ᠪᠠᠶᠢᠭ᠎ᠠ ᠭᠠᠵᠠᠷ ᠣᠷᠣᠨ ᠨᠤᠭᠤᠳ ᠳᠠᠷᠤᠶ | ᠲᠦᠷᠭᠡᠨ ᠬᠥᠳᠡᠯᠦᠯᠴᠡᠵᠤ ᠂ ᠨᠤᠲᠤᠭ ᠪᠡᠯᠴᠢᠭᠡᠷ ᠤᠨ ᠡᠷᠬᠡ ᠶᠢ ᠨᠤᠲᠠᠯᠠᠬᠤ ᠠᠵᠢᠯ ᠤᠨ ᠴᠠᠭ ᠤᠨ ᠬᠦᠰᠦᠨᠦᠭᠲᠦ ᠶᠢ | ᠴᠢᠩᠭ᠎ᠠ ᠲᠣᠭᠲᠠᠭᠠᠵᠤ᠂ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠬᠢᠨᠠᠯᠲᠠ ᠪᠠᠨ ᠴᠢᠩᠭᠠᠷᠠᠭᠤᠯᠬᠤ ᠬᠡᠷᠡᠭᠲᠡᠶ ᠭᠡᠵᠦ | ᠱᠠᠭᠠᠷᠳᠠᠵᠠᠢ᠃ ᠭᠤᠷᠪᠠ ᠳᠤ ᠪᠡᠯᠡ ᠮᠥᠩᠭᠦ ᠶᠢᠨ ᠪᠠᠲᠤᠯᠠᠭ᠎ᠠ ᠪᠠᠨ ᠴᠢᠩᠭᠠᠷᠠᠭᠤᠯᠵᠤ᠂ ᠤᠷᠤᠭᠰᠢᠲᠠᠶ ᠶᠠᠪᠤᠭᠳᠠᠬᠤ ᠶᠢ | ᠦᠨᠡᠨ ᠬᠦ ᠪᠠᠲᠤᠯᠠᠬᠤ ᠬᠡᠷᠡᠭᠲᠡᠶ᠂ ᠡᠯ᠎ᠡ ᠬᠤᠰᠢᠭᠤ ᠰᠢᠶᠠᠨ ᠬᠤᠲᠠ ᠲᠤᠭᠤᠷᠢᠭ ᠤᠳ ᠥᠪᠡᠷᠲᠡᠭᠡᠨ ᠵᠠᠰᠠᠬᠤ ᠣᠷᠣᠨ | ᠤ ᠪᠠ ᠬᠤᠳᠠ ᠰᠢᠶᠠᠨ ᠬᠤᠶᠠᠷ ᠱᠠᠲᠤᠨ ᠤ ᠪᠠᠭᠤᠯᠭᠠᠭᠰᠠᠨ ᠠᠵᠢᠯ ᠤᠨ ᠵᠠᠷᠤᠳᠠᠯ ᠢ ᠠᠵᠢᠯ ᠤᠨ ᠨᠢᠭᠡᠴᠡ ᠳᠤ ᠲᠤᠭ᠎ᠠ | ᠶᠣᠰᠣᠭᠠᠷ ᠳᠠᠷᠤᠶ ᠲᠦᠷᠭᠡᠨ ᠰᠢᠯᠵᠢᠭᠦᠯᠦᠨ ᠥᠭᠬᠦ ᠬᠡᠷᠡᠭᠲᠡᠶ᠂ ᠦᠯᠡᠳᠡᠭᠡᠨ ᠠᠪᠴᠤ ᠨᠡᠭᠦᠯᠭᠡᠨ ᠬᠡᠷᠡᠭᠯᠡᠵᠦ ᠪᠣᠯᠬᠤ | ᠦᠭᠡᠢ᠂ ᠬᠤᠰᠢᠭᠤ ᠰᠢᠶᠠᠨ ᠨᠤᠭᠤᠳ ᠣᠷᠣᠨ ᠨᠤᠲᠤᠭ ᠤᠨ ᠢᠵᠢ ᠲᠥᠬᠦᠷ ᠪᠡᠯᠡ ᠮᠥᠩᠭᠦ ᠴᠤᠭᠯᠠᠭᠤᠯᠬᠤ | ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠨᠤᠲᠤᠭ ᠪᠡᠯᠴᠢᠭᠡᠷ ᠤᠨ ᠡᠷᠬᠡ ᠶᠢ ᠨᠤᠲᠠᠯᠠᠨ ᠲᠣᠭᠲᠠᠭᠠᠬᠤ | ᠠᠵᠢᠯ ᠢ ᠲᠤᠭ᠎ᠠ ᠴᠢᠨᠠᠷ ᠢ ᠪᠠᠲᠤᠯᠠᠨ ᠬᠤᠭᠤᠴᠠᠭ᠎ᠠ ᠶᠣᠰᠣᠭᠠᠷ ᠳᠠᠭᠤᠰᠬᠠᠬᠤ ᠶᠢ ᠦᠨᠡᠨ ᠬᠦ ᠪᠠᠲᠤᠯᠠᠬᠤ ᠬᠡᠷᠡᠭᠲᠡᠢ | ᠭᠡᠵᠦ ᠱᠠᠭᠠᠷᠳᠠᠵᠠᠢ᠃ ᠳᠥᠷᠪᠡ ᠳᠤ ᠲᠤᠬᠠᠶᠢᠯᠠᠭᠰᠠᠨ ᠠᠵᠢᠯ ᠤᠨ ᠵᠢᠯᠤᠭᠤᠳᠤᠯᠭ᠎ᠠ ᠪᠠᠨ ᠴᠢᠩᠭᠠᠳᠬᠠᠵᠤ᠂ ᠠᠵᠢᠯ ᠤᠨ | ᠶᠠᠰᠤ ᠴᠢᠨᠠᠷ ᠢ ᠪᠠᠲᠤᠯᠠᠬᠤ ᠬᠡᠷᠡᠭᠲᠡᠶ᠂ ᠬᠤᠲᠠ᠂ ᠰᠢᠶᠠᠨ ᠬᠤᠶᠠᠷ ᠱᠠᠲᠤᠨ ᠤ ᠲᠠᠷᠢᠶᠠᠯᠠᠩ ᠮᠠᠯ ᠠᠵᠤ ᠠᠬᠤᠶ ᠶᠢᠨ | ᠰᠠᠯᠠᠭ᠎ᠠ ᠮᠥᠴᠢᠷ ᠤᠳ ᠲᠤᠬᠠᠶᠢᠯᠠᠭᠰᠠᠨ ᠠᠵᠢᠯ ᠤᠨ ᠵᠢᠯᠤᠭᠤᠳᠤᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ | ᠠᠵᠢᠯᠯᠠᠭᠠᠨ ᠤ ᠶᠠᠪᠤᠴᠠ ᠳᠤ ᠭᠠᠷᠤᠭᠰᠠᠨ ᠮᠡᠷᠭᠡᠵᠢᠯ ᠤᠨ ᠠᠰᠠᠭᠤᠳᠠᠯ ᠢ ᠲᠣᠬᠢᠲᠠᠶ ᠰᠢᠢᠳᠪᠦᠷᠢᠯᠡᠬᠦ ᠬᠡᠷᠡᠭᠲᠡᠶ᠃ ᠠᠵᠢᠯ | ᠤᠨ ᠲᠡᠰ ᠳᠠᠷᠠᠭᠠᠯᠠᠯ ᠢ ᠴᠢᠩᠭ᠎ᠠ ᠭᠦᠢᠴᠡᠳᠬᠡᠵᠦ᠂ ᠠᠵᠢᠯ ᠤᠨ ᠶᠠᠰᠤ ᠴᠢᠨᠠᠷ ᠢ ᠦᠨᠡᠨ ᠬᠦ ᠪᠠᠲᠤᠯᠠᠵᠤ᠂ ᠶᠠᠷᠰᠢᠭ | ᠲᠦᠪᠡᠭ ᠠᠴᠠ ᠠᠶᠤᠬᠤ᠂ ᠲᠡᠰ ᠳᠠᠷᠠᠭᠠᠯᠠᠯ ᠢ ᠬᠠᠰᠤᠬᠤ᠂ ᠬᠡᠯᠪᠡᠷᠢ ᠶᠢᠨ ᠲᠡᠳᠦᠢ ᠬᠢᠬᠦ᠂ ᠪᠠᠷᠢᠮᠵᠢᠶ᠎ᠠ ᠶᠢ | ᠪᠠᠭᠤᠷᠠᠭᠤᠯᠬᠤ᠂ ᠠᠬᠢᠴᠠ ᠶᠢ ᠥᠷᠥᠭᠡᠰᠦᠭᠡᠯ ᠢᠶᠠᠷ ᠬᠥᠭᠡᠭᠡᠴᠡᠯᠳᠦᠬᠦ ᠦᠵᠡᠭᠳᠡᠯ ᠢ ᠡᠷᠡᠰ ᠬᠤᠷᠢᠭᠯᠠᠵᠤ᠂ ᠥᠪᠡᠷᠲᠡᠭᠡᠨ | ᠵᠠᠰᠠᠬᠤ ᠣᠷᠣᠨ ᠤ ᠰᠢᠯᠭᠠᠨ ᠠᠪᠬᠤ ᠠᠷᠭ᠎ᠠ ᠲᠠᠢ ᠤᠶᠠᠯᠳᠤᠭᠤᠯᠤᠨ ᠵᠤᠷᠪᠤᠰ ᠳᠠᠷᠠᠭᠠᠯᠠᠨ ᠥᠪᠡᠷ ᠢᠶᠠᠨ ᠪᠠᠶᠢᠴᠠᠭᠠᠵᠤ᠂ | ᠵᠦᠢᠯ ᠳᠠᠷᠠᠭᠠᠯᠠᠨ ᠨᠠᠶᠢᠳᠠᠪᠤᠷᠢᠵᠢᠭᠤᠯᠬᠤ ᠶᠢᠨ ᠳᠠᠭᠠᠤ᠂ ᠡᠯ᠎ᠡ ᠲᠥᠷᠥᠯ ᠤᠨ ᠳᠠᠩᠰᠠ ᠡᠪᠬᠡᠮᠡᠯ ᠤᠨ ᠮᠠᠲ᠋ᠧᠷᠢᠶᠠᠯ ᠢ | ᠴᠤᠭᠯᠠᠭᠤᠯᠤᠨ ᠪᠦᠷᠢᠨᠰᠢᠭᠦᠯᠬᠦ ᠬᠡᠷᠡᠭᠲᠡᠢ ᠭᠡᠵᠦ ᠱᠠᠭᠠᠷᠳᠠᠵᠠᠢ᠃ ᠲᠠᠪᠤ ᠳᠤ ᠵᠢᠭᠤᠷᠠᠯᠳᠤᠭᠠᠨ ᠢ ᠵᠣᠬᠢᠰᠲᠠᠶ | ᠰᠢᠢᠳᠪᠦᠷᠢᠯᠡᠵᠦ᠂ ᠲᠣᠭᠲᠠᠭᠤᠨ ᠪᠠᠶᠢᠳᠠᠯ ᠢ ᠦᠨᠡᠨ ᠬᠦ ᠪᠠᠲᠤᠯᠠᠬᠤ ᠬᠡᠷᠡᠭᠲᠡᠶ᠂ ᠡᠯ᠎ᠡ ᠬᠤᠰᠢᠭᠤ ᠰᠢᠶᠠᠨ ᠬᠤᠲᠠ | ᠲᠣᠭᠤᠷᠢᠭ ᠪᠣᠯᠤᠨ ᠰᠤᠮᠤ ᠰᠢᠶᠠᠩ ᠪᠠᠯᠭᠠᠰᠤ ᠲᠤᠰᠬᠠᠶ ᠬᠥᠮᠦᠨ ᠰᠣᠩᠭᠤᠵᠤ᠂ ᠵᠢᠭᠤᠷᠠᠯᠳᠤᠭᠠᠨ ᠢ ᠡᠶᠡᠳᠡᠭᠦᠯᠦᠨ | ᠰᠢᠢᠳᠪᠦᠷᠢᠯᠡᠬᠦ ᠳᠤᠭᠤᠶᠢᠯᠠᠩ ᠪᠠᠶᠢᠭᠤᠯᠵᠤ᠂ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ | ᠲᠦᠷᠦ ᠶᠢᠨ ᠪᠤᠳᠤᠯᠭ᠎ᠠ ᠪᠠᠷ ᠦᠨᠳᠦᠰᠦ ᠪᠠᠷᠢᠮᠲᠠ ᠪᠣᠯᠭᠠᠵᠤ᠂ ᠡᠶᠡᠳᠡᠭᠦᠯᠦᠨ ᠰᠢᠢᠳᠪᠦᠷᠢᠯᠡᠬᠦ ᠡᠷᠴᠢᠮ ᠢᠶᠠᠨ | ᠴᠢᠩᠭᠠᠷᠠᠭᠤᠯᠵᠤ᠂ ᠵᠥᠷᠢᠴᠡᠯ ᠵᠢᠭᠤᠷᠠᠯᠳᠤᠭᠠᠨ ᠢ ᠲᠣᠬᠢᠲᠠᠶ ᠠᠷᠢᠯᠭᠠᠵᠤ᠂ ᠨᠤᠲᠤᠭ ᠪᠡᠯᠴᠢᠭᠡᠷ ᠤᠨ ᠡᠷᠬᠡ ᠶᠢ | ᠨᠤᠲᠠᠯᠠᠨ ᠳᠠᠭᠠᠭᠠᠴᠢᠯᠠᠭᠤᠯᠬᠤ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠂ | ᠡᠷᠬᠡ ᠶᠢ ᠨᠤᠲᠠᠯᠠᠨ ᠲᠣᠭᠲᠠᠭᠠᠬᠤ ᠠᠵᠢᠯ ᠠᠴᠠ ᠪᠤᠯᠵᠦ ᠰᠢᠨ᠎ᠡ ᠠᠰᠠᠭᠤᠳᠠᠯ ᠡᠭᠦᠰᠭᠡᠵᠦ ᠶᠠᠭᠠᠬᠢᠭᠰᠠᠨ ᠴᠤ ᠪᠣᠯᠬᠤ | ᠦᠭᠡᠢ᠂ ᠨᠡᠶᠢᠭᠡᠮ ᠤᠨ ᠲᠣᠭᠲᠠᠭᠤᠨ ᠪᠠᠶᠢᠳᠠᠯ ᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠵᠠᠢ᠃ |