ᠯᠢ ᠵᠢᠢ ᠡᠾᠸᠡᠭ ᠡᠩ ᠤᠨ ᠨᠠᠮ ᠤᠨ ᠬᠡᠰᠢᠬᠦᠨ ᠤ ᠬᠤᠪᠢ ᠪᠠᠷ ᠨᠠᠮ ᠤᠨ ᠡᠭᠦᠷ ᠤᠨ ᠢᠶᠠᠨ ᠵᠤᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠤᠷᠤᠯᠴᠠᠪᠠ
ᠨᠡᠶᠢᠲᠡᠯᠡᠭᠰᠡᠨ ᠴᠠᠭ᠄
2017/11/3
      11 ᠳ᠋ᠤᠭᠡᠷ ᠰᠠᠷ᠎ᠠ ᠶᠢᠨ 2᠎ ᠤᠨ ᠦᠳᠡ ᠶᠢᠨ ᠬᠤᠶᠢᠨ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠡᠩ ᠤᠨ ᠨᠠᠮ ᠤᠨ ᠬᠡᠰᠢᠬᠦᠨ ᠤ ᠬᠤᠪᠢ ᠪᠠᠷ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠤᠨ ᠶᠡᠷᠦᠩᠬᠡᠶᠢᠯᠡᠭᠰᠡᠨ ᠨᠢᠭᠡᠳᠦᠭᠡᠷ ᠭᠠᠵᠠᠷ ᠤᠨ ᠨᠠᠮ ᠤᠨ ᠡᠭᠦᠷ ᠤᠨ ᠢᠶᠠᠨ ᠵᠤᠬᠢᠶᠠᠨ ᠪᠠᠶᠢᠭᠤᠯᠤᠯᠳᠠ ᠶᠢᠨ ᠠᠮᠢᠳᠤᠷᠠᠯ ᠤᠨ ᠬᠤᠷᠠᠯ ᠳᠤ ᠤᠷᠤᠯᠴᠠᠵᠤ᠂ ᠨᠠᠮ ᠤᠨ ᠡᠭᠦᠷ ᠤᠨ ᠨᠦᠬᠦᠳ ᠲᠠᠢ ᠪᠠᠨ ᠬᠠᠮᠳᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠪᠠ᠃ ᠲᠡᠷᠡ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠪᠤᠯ ᠤᠳᠤᠬᠠᠨ ᠤ ᠪᠠ ᠬᠤᠶᠢᠰᠢᠳᠡ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠮᠦᠨ᠃ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠤᠨ ᠨᠠᠮ ᠤᠨ ᠬᠡᠰᠢᠭᠦᠨ ᠺᠠᠳ᠋ᠷᠴᠤᠳ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠠᠯ᠎ᠠ ᠪᠠᠷ ᠲᠦᠷᠦᠭᠦᠯᠡᠨ ᠬᠢᠵᠤ ᠦᠯᠢᠭᠡᠷ ᠲᠠᠭᠤᠷᠢᠶᠠᠯ ᠪᠤᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠭᠡᠯ ᠪᠠ ᠨᠠᠮ ᠤᠨ ᠲᠦᠷᠢᠮ ᠤᠨ ᠤᠭ ᠵᠤᠬᠢᠶᠠᠯ ᠢ ᠲᠡᠷᠡ ᠬᠡᠪ ᠢᠶᠠᠷ ᠨᠢ ᠰᠤᠷᠤᠯᠴᠠᠵᠤ᠂ ᠰᠤᠷᠤᠯᠴᠠᠨ ᠮᠡᠳᠡᠭᠦ᠂ ᠨᠡᠪᠳᠡᠷᠡᠳᠡᠯ᠎ᠠ ᠤᠶᠢᠯᠠᠭᠠᠬᠤ᠂ ᠪᠤᠳᠠᠳᠠᠶᠢᠵᠢᠭᠤᠯᠬᠤ ᠲᠡᠭᠡᠷ᠎ᠠ ᠬᠦᠴᠦ ᠲᠠᠯᠪᠢᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠠᠵᠢᠯ ᠢᠶᠠᠨ ᠰᠠᠶᠢᠳᠤᠷ ᠬᠢᠭᠦ ᠶᠢᠨ ᠬᠦᠴᠦᠷᠭᠡᠭ ᠶᠡᠭᠡ ᠬᠦᠳᠡᠯᠭᠡᠭᠴᠢ ᠬᠦᠴᠦᠨ ᠪᠤᠯᠤᠨ ᠠᠮᠢᠳᠤᠯᠢᠭ ᠦᠢᠯᠡᠳᠦᠯᠭᠡ ᠪᠤᠯᠭᠠᠨ ᠤᠯᠠᠷᠢᠭᠤᠯᠬᠤ ᠬᠡᠷᠡᠭᠳᠡᠢ ᠬᠡᠵᠤ ᠴᠢᠬᠤᠯᠠᠴᠢᠯᠠᠪᠠ᠃      ᠡᠨᠡ ᠣᠳᠠᠭ᠎ᠠ ᠶᠢᠨ ᠵᠤᠬᠢᠶᠠᠨ ᠪᠠᠶᠢᠭᠤᠯᠤᠯᠳᠠ ᠶᠢᠨ ᠠᠮᠢᠳᠤᠷᠠᠯ ᠤᠨ ᠬᠤᠷᠠᠯ ᠢ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠤᠨ ᠶᠡᠷᠦᠩᠬᠡᠶᠢᠯᠡᠭᠰᠡᠨ ᠨᠢᠭᠡᠳᠦᠭᠡᠷ ᠭᠠᠵᠠᠷ ᠤᠨ ᠨᠠᠮ ᠤᠨ ᠡᠭᠦᠷ ᠬᠢᠭᠡᠳ ᠪᠠᠶᠢᠩᠭᠤ ᠶᠢᠨ ᠬᠤᠷᠢᠶ᠎ᠠ ᠶᠢᠨ ᠠᠯᠪᠠᠨ ᠭᠡᠷ ᠤᠨ ᠨᠠᠮ ᠤᠨ ᠡᠭᠦᠷ ᠬᠠᠮᠳᠤᠷᠠᠨ ᠬᠢᠵᠠᠢ᠃ 4 ᠨᠦᠬᠦᠷ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠭᠤᠷᠢᠨ ᠳᠤ᠂ ᠦᠪᠡᠷ ᠤᠨ ᠠᠵᠢᠯ ᠤᠨ ᠪᠤᠳᠠᠳᠠᠢ ᠲᠠᠢ ᠪᠠᠨ ᠤᠶᠠᠯᠳᠤᠭᠤᠯᠵᠤ᠂ ᠰᠤᠷᠤᠯᠴᠠᠬᠰᠠᠨ ᠪᠠᠶᠢᠳᠠᠯ ᠢᠶᠠᠨ ᠶᠠᠷᠢᠵᠤ᠂ ᠲᠠᠨᠢᠯᠳᠠ ᠤᠯᠤᠯᠳᠠ ᠪᠠᠨ ᠶᠠᠷᠢᠵᠤ᠂ ᠡᠷᠡᠰ ᠪᠠᠲᠤ ᠤᠪᠤᠷ ᠢᠶᠠᠨ ᠢᠯᠡᠳᠭᠡᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠤᠬᠠᠮᠰᠠᠷ ᠠᠴᠠ ᠪᠠᠨ ᠰᠠᠶᠢᠳᠤᠷ ᠰᠤᠷᠤᠯᠴᠠᠨ ᠤᠶᠢᠯᠠᠭᠠᠵᠤ᠂ ᠰᠠᠶᠢᠳᠤᠷ ᠲᠤᠤᠱᠯᠠᠭᠤᠯᠤᠨ ᠨᠡᠶᠢᠳᠡᠪᠦᠷᠢᠵᠢᠭᠤᠯᠵᠤ᠂ ᠲᠤᠰ ᠪᠡᠶ᠎ᠠ ᠶᠢᠨ ᠪᠠᠶᠢᠭᠤᠯᠤᠯᠳᠠ ᠪᠠ ᠡᠯ᠎ᠠ ᠵᠦᠢᠯ ᠤᠨ ᠠᠵᠢᠯ ᠢᠶᠠᠨ ᠲᠠᠬᠢᠨ ᠰᠢᠨ᠎ᠠ ᠲᠡᠭᠳᠡᠷ ᠲᠤ ᠭᠠᠷᠭᠠᠨ᠎ᠠ ᠬᠡᠵᠤ ᠤᠯᠠᠨ ᠢᠶᠠᠷ ᠢᠶᠠᠨ ᠰᠠᠨᠠᠯ ᠨᠢᠭᠡᠳᠡᠢ ᠢᠯᠡᠳᠭᠡᠵᠠᠢ᠃ ᠯᠢ ᠵᠢᠢ ᠾᠧᠩ ᠤᠯᠠᠨ ᠤ ᠬᠡᠯᠡᠭᠦ ᠶᠢ ᠬᠢᠨᠠᠮᠠᠭᠠᠢ ᠰᠤᠨᠤᠰᠬᠤ ᠶᠢᠨ ᠲᠠᠭᠠᠤ᠂ ᠤᠯᠠᠨ ᠲᠠᠢ ᠪᠠᠶᠢᠨ ᠲᠠᠬᠢᠨ ᠰᠠᠨᠠᠯ ᠪᠤᠳᠤᠯ ᠢᠶᠠᠨ ᠰᠤᠯᠢᠯᠴᠠᠵᠤ᠂ ᠵᠤᠬᠢᠶᠠᠨ ᠪᠠᠶᠢᠭᠤᠯᠤᠯᠳᠠ ᠶᠢᠨ ᠠᠮᠢᠳᠤᠷᠠᠯ ᠤᠨ ᠬᠤᠷᠠᠯ ᠨᠢ ᠡᠬᠢᠯᠡᠬᠦ ᠠᠴᠠ ᠪᠠᠨ ᠠᠪᠤᠭᠠᠳ ᠳᠠᠭᠤᠰᠳᠠᠯ᠎ᠠ ᠠᠷᠠᠳᠴᠢᠯᠠᠯ ᠤᠨ ᠠᠭᠤᠷ ᠠᠮᠢᠰᠬᠤᠯ ᠢᠶᠠᠷ ᠪᠢᠯᠬᠠᠵᠣ᠂ ᠲᠦᠪ ᠴᠢᠩᠭ᠎ᠠ ᠨᠠᠷᠢᠨ ᠬᠢᠨᠠᠮᠠᠭᠠᠢ ᠪᠦᠭᠡᠳ ᠠᠮᠢᠳᠤ ᠴᠤᠪᠤᠭᠤᠯᠢᠭ ᠶᠠᠪᠤᠭᠳᠠᠵᠠᠢ᠃      ᠯᠢ ᠵᠢᠢ ᠾᠧᠩ ᠵᠢᠭᠠᠵᠤ ᠭᠠᠷᠭᠠᠭᠰᠠᠨ ᠨᠢ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠳᠤ ᠬᠦᠨᠵᠡᠭᠡᠢ ᠰᠤᠷᠤᠯᠴᠠᠨ ᠨᠡᠪᠳᠡᠷᠡᠳᠡᠯ᠎ᠠ ᠤᠶᠢᠯᠠᠭᠠᠬᠤ ᠮᠦᠷᠳᠡᠭᠡᠨ ᠨᠡᠩ ᠴᠤ ᠤᠯᠠᠷᠢᠭᠤᠯᠤᠨ ᠬᠡᠷᠡᠭᠯᠡᠬᠦ ᠠᠵᠢᠯ ᠢ ᠰᠠᠶᠢᠳᠤᠷ ᠬᠢᠵᠤ᠂ ᠠᠵᠢᠯ ᠦᠢᠯᠡᠰ ᠤᠨ ᠢᠶᠠᠨ ᠬᠦᠭᠵᠢᠯᠳᠡ ᠶᠢ ᠠᠬᠢᠭᠤᠯᠬᠤ ᠬᠡᠷᠡᠭᠳᠡᠢ᠃ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠤᠨ ᠨᠠᠮ ᠤᠨ ᠬᠡᠰᠢᠭᠦᠨ ᠺᠠᠳ᠋ᠷᠴᠤᠳ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠦᠨᠡᠨᠭᠦ ᠨᠠᠮ ᠳᠠᠭᠠᠨ ᠦᠨᠡᠨᠴᠢ ᠰᠢᠳᠤᠷᠭᠤ ᠪᠠᠶᠢᠬᠤ᠂ ᠭᠤᠤᠯᠯᠠᠬᠴᠢ ᠪᠠᠨ ᠬᠦᠷᠢᠶᠡᠯᠡᠭᠦ ᠡᠷᠡᠰ ᠪᠠᠳᠤ ᠢᠳᠡᠭᠡᠯ ᠪᠢᠰᠢᠷᠡᠯ ᠪᠤᠯᠭᠠᠨ ᠤᠯᠠᠷᠢᠭᠤᠯᠵᠤ᠂ ︽ᠲᠦᠷᠪᠡᠨ ᠤᠬᠠᠮᠰᠠᠷ︾᠎ ᠢ ᠪᠠᠲᠤ ᠪᠠᠬᠢ ᠪᠤᠢ ᠪᠤᠯᠭᠠᠨ᠂ ︽ᠲᠦᠷᠪᠡᠨ ᠢᠳᠡᠭᠡᠯ︾᠎ ᠢᠶᠠᠨ ᠪᠠᠳᠤᠳᠬᠠᠵᠤ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠡᠷᠭᠡ ᠰᠦᠷ ᠪᠤᠯᠤᠨ ᠲᠦᠪᠯᠡᠷᠡᠩᠭᠦᠢ ᠨᠢᠭᠡᠳᠦᠯᠳᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠤᠶᠤᠨ ᠰᠠᠨᠠᠭ᠎ᠠ ᠪᠠᠨ ᠴᠦᠭᠦᠷᠡᠯ ᠦᠭᠡᠢ ᠵᠡᠪᠰᠡᠭᠯᠡᠨ᠂ ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ ᠠᠬᠢᠭᠤᠯᠵᠤ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠲᠠᠢ ᠢᠮᠠᠬᠳᠠ ᠲᠡᠭᠡᠳᠦ ᠬᠡᠮᠵᠢᠶ᠎ᠠ ᠪᠠᠷ ᠨᠢᠭᠡᠳᠦᠯᠳᠡᠢ ᠪᠠᠶᠢᠬᠤ ᠬᠡᠷᠡᠭᠳᠡᠢ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠦᠨᠡᠨᠭᠦ ᠶᠡᠭᠡ ᠲᠠᠯ᠎ᠠ ᠳᠤ ᠦᠢᠯᠡᠴᠢᠯᠡᠭᠦ᠂ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠭᠦ ᠠᠮᠢᠳᠤᠯᠢᠭ ᠦᠢᠯᠡᠳᠦᠯᠭᠡ ᠪᠤᠯᠭᠠᠨ ᠤᠯᠠᠷᠢᠭᠤᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠭᠡᠯ ᠤᠨ ᠤᠭ ᠵᠤᠬᠢᠶᠠᠯ ᠢ ᠦᠭᠡ ᠦᠬᠦᠯᠡᠪᠦᠷᠢ ᠲᠠᠷᠠᠭᠠᠯᠠᠨ ᠰᠤᠷᠤᠯᠴᠠᠨ ᠰᠡᠳᠬᠢᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠨᠢᠭᠡᠳ ᠨᠢᠭᠡ ᠪᠠᠷ ᠰᠢᠩᠭᠡᠭᠡᠨ ᠠᠪᠴᠦ᠂ ᠰᠤᠷᠤᠯᠴᠠᠨ ᠮᠡᠳᠡᠵᠤ ᠨᠡᠪᠳᠡᠷᠡᠳᠡᠯ᠎ᠠ ᠤᠶᠢᠯᠠᠭᠠᠵᠤ᠂ ᠰᠤᠷᠤᠯᠴᠠᠬᠰᠠᠨ ᠢᠶᠠᠨ ᠦᠢᠯᠡᠳᠦᠯᠭᠡ ᠳᠤ ᠬᠡᠷᠡᠭᠯᠡᠨ᠂ ᠮᠡᠳᠡᠬᠦᠢ ᠬᠢᠬᠦᠢ ᠪᠠᠨ ᠨᠢᠭᠡᠳᠭᠡᠵᠦ ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠠᠵᠢᠯ ᠦᠷᠨᠢᠭᠦᠯᠭᠦ ᠳᠤ ᠨᠡᠩ ᠰᠢᠯᠢᠳᠡᠭ ᠨᠡᠩ ᠪᠦᠳᠦᠮᠵᠢᠳᠡᠢ ᠦᠢᠯᠡᠴᠢᠯᠡᠭᠡ ᠬᠠᠩᠭᠠᠬᠤ ᠬᠡᠷᠡᠭᠳᠡᠢ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠦᠨᠡᠨᠭᠦ ᠦᠪᠡᠷ ᠢ ᠪᠠᠨ ᠴᠢᠩᠭᠠᠳᠬᠠᠨ ᠲᠡᠭᠦᠯᠳᠡᠷᠵᠢᠬᠦᠯᠬᠦ᠂ ᠠᠷᠢᠭᠤᠨ ᠴᠢᠭᠡᠴᠢ ᠪᠠᠷ ᠠᠯᠪᠠᠨ ᠳᠤ ᠵᠢᠳᠬᠦᠭᠦ ᠬᠦᠭᠡᠭᠡᠴᠡᠯᠳᠦᠯ ᠪᠤᠯᠭᠠᠨ ᠤᠯᠠᠷᠢᠭᠤᠯᠵᠤ᠂ ᠦᠪᠡᠷ ᠤᠨ ᠳᠦᠷᠢ ᠪᠤᠯᠤᠨ ᠬᠠᠷᠢᠭᠤᠴᠠᠯᠭ᠎ᠠ ᠪᠠᠨ ᠰᠡᠷᠭᠡᠭ ᠢᠶᠠᠷ ᠲᠠᠨᠢᠵᠤ᠂ ᠰᠢᠨ᠎ᠠ ᠴᠠᠭ ᠦᠶ᠎ᠠ ᠶᠢᠨ ᠨᠠᠮ ᠤᠨ ᠪᠠᠶᠢᠭᠤᠯᠤᠯᠳᠠ ᠶᠢᠨ ᠰᠢᠨ᠎ᠠ ᠱᠠᠭᠠᠷᠳᠠᠯᠭ᠎ᠠ ᠶᠢ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠨᠠᠮᠴᠢ ᠴᠢᠨᠠᠷ ᠤᠨ ᠪᠤᠯᠪᠠᠰᠤᠷᠠᠯ ᠢᠶᠠᠨ ᠲᠠᠰᠤᠷᠠᠯᠳᠠ ᠦᠭᠡᠢ ᠴᠢᠩᠭᠠᠷᠠᠭᠤᠯᠵᠤ᠂ ᠠᠵᠢᠯ ᠪᠣᠯᠭᠠᠨ ᠳᠤ ᠦᠪᠡᠷ ᠢ ᠪᠠᠨ ᠪᠠᠶᠢᠴᠠᠭᠠᠨ᠂ ᠶᠠᠪᠤᠳᠠᠯ ᠪᠤᠯᠭᠠᠨ ᠳᠤ ᠦᠪᠡᠷ ᠢ ᠪᠠᠨ ᠴᠢᠩᠭ᠎ᠠ ᠱᠠᠭᠠᠷᠳᠠᠵᠣ᠂ ᠡᠪ ᠬᠠᠮᠳᠤᠴᠤᠳ ᠤᠨ ᠠᠷᠢᠭᠤᠨ ᠴᠢᠭᠡᠴᠢ ᠲᠦᠪ ᠭᠤᠤᠯᠴᠢ ᠤᠯᠤᠰ ᠲᠦᠷᠦ ᠶᠢᠨ ᠤᠤᠷ ᠴᠢᠨᠠᠷ ᠢ ᠢᠮᠠᠭᠳᠠ ᠪᠠᠳᠤᠯᠠᠬᠤ ᠬᠡᠷᠡᠭᠳᠡᠢ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠦᠨᠡᠨᠭᠦ ᠲᠠᠰᠤᠷᠠᠯᠳᠠ ᠦᠭᠡᠢ ᠰᠤᠷᠤᠯᠴᠠᠬᠤ᠂ ᠴᠢᠳᠠᠪᠤᠷᠢ ᠪᠠᠨ ᠳᠡᠭᠡᠭᠰᠢᠯᠡᠭᠦᠯᠬᠦ ᠲᠡᠭᠡᠳᠦ ᠬᠡᠮᠵᠢᠶᠠᠨ ᠤ ᠤᠬᠠᠮᠰᠠᠷ ᠪᠤᠯᠭᠠᠨ ᠤᠯᠠᠷᠢᠭᠤᠯᠵᠤ᠂ ᠰᠤᠷᠤᠯᠴᠠᠬᠤ ᠶᠢ ᠦᠨᠢᠳᠡ ᠶᠢᠨ ᠭᠤᠤᠯ ᠰᠡᠳᠦᠪ ᠪᠤᠯᠭᠠᠬᠤ ᠶᠢ ᠪᠠᠷᠢᠮᠳᠠᠯᠠᠵᠤ᠂ ᠤᠬᠠᠮᠰᠠᠷ ᠠᠴᠠ ᠪᠠᠨ ᠰᠤᠷᠤᠯᠴᠠᠨ᠂ ᠰᠠᠨᠠᠭᠠᠴᠢᠯᠠᠭ᠎ᠠ ᠠᠴᠠ ᠪᠠᠨ ᠰᠤᠷᠤᠯᠴᠠᠨ᠂ ᠨᠠᠰᠤᠨ ᠲᠤᠷᠰᠢᠳᠠ ᠰᠤᠷᠤᠯᠴᠠᠵᠤ᠂ ᠳᠣᠷ᠎ᠠ ᠪᠠᠬ᠎ᠠ ᠲᠠᠢ ᠰᠤᠷᠤᠯᠴᠠᠬᠤ ᠰᠠᠶᠢᠳᠣᠷ ᠰᠣᠷᠣᠯᠴᠠᠬᠤ ᠲᠤᠮᠳᠠ ︽ᠭᠦᠨᠵᠡᠭᠡᠢ ᠰᠤᠷᠬᠤ᠂ ᠨᠢᠮᠪᠠᠢ ᠬᠢᠨᠠᠨ ᠠᠰᠠᠭᠤᠬᠤ᠂ ᠬᠢᠴᠢᠶᠡᠩᠭᠦ᠋ᠢᠯᠡᠨ ᠪᠤᠳᠤᠯᠬᠢᠯᠠᠬᠤ᠂ ᠲᠤᠳᠤᠷᠬᠠᠢ ᠵᠠᠳᠠᠯᠬᠤ᠂ ᠯᠠᠪᠳᠠᠭᠤᠨ ᠪᠠᠳᠤᠳᠠᠢ ᠬᠡᠷᠡᠭᠵᠢᠭᠦᠯᠭᠦ︾᠎ ᠶᠢ ᠪᠡᠶᠡᠯᠡᠭᠦᠯᠵᠤ᠂ ᠠᠵᠢᠯ ᠤᠨ ᠬᠡᠷᠡᠭᠴᠡᠭᠡ ᠳᠡᠭᠡᠨ ᠵᠣᠬᠢᠴᠠᠭᠰᠠᠨ᠂ ᠴᠠᠭ ᠦᠶ᠎ᠠ ᠶᠢᠨ ᠱᠠᠭᠠᠷᠳᠠᠯᠭ᠎ᠠ ᠲᠠᠢ ᠨᠡᠶᠢᠴᠡᠭᠰᠡᠨ ᠡᠷᠳᠡᠮ ᠴᠢᠳᠠᠪᠤᠷᠢ ᠲᠠᠢ ᠪᠤᠯᠬᠤ ᠬᠡᠷᠡᠭᠳᠡᠢ ᠬᠡᠵᠠᠢ᠃      ᠬᠠᠮᠤᠭ ᠰᠡᠭᠦᠯ ᠳᠤᠨᠢ᠂ ᠯᠢ ᠵᠢᠢ ᠾᠧᠩ ᠰᠠᠶᠢᠳᠣᠷ ᠨᠢᠭᠡᠳᠦᠯᠳᠡᠢ ᠲᠦᠯᠦᠪᠵᠢᠭᠦᠯᠵᠦ᠂ ᠠᠵᠢᠯᠯᠠᠵᠤ ᠠᠮᠠᠷᠠᠬᠤ ᠶᠢ ᠤᠶᠠᠯᠳᠤᠭᠤᠯᠵᠤ᠂ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠪᠠ ᠡᠯ᠎ᠠ ᠨᠠᠮ ᠤᠨ ᠡᠭᠦᠷ ᠨᠦᠬᠦᠴᠡᠯ ᠪᠦᠷᠢᠯᠳᠦᠬᠦᠯᠵᠤ ᠪᠠᠶᠢᠭᠠᠳ ᠤᠯᠠᠨ ᠪᠦᠬᠦᠨ ᠢᠶᠠᠨ ᠪᠡᠶ᠎ᠠ ᠮᠠᠬᠠᠪᠤᠳ ᠡᠷᠡᠭᠦᠯ ᠴᠢᠬᠢᠷᠠᠭ᠂ ᠴᠤᠭ ᠵᠤᠯᠢ ᠪᠠᠳᠠᠷᠠᠩᠭᠤᠢ᠂ ᠰᠡᠳᠬᠢᠯ ᠰᠠᠨᠠᠭ᠎ᠠ ᠪᠠᠶᠠᠰᠤᠩᠭᠤᠢ ᠪᠠᠷ ᠠᠵᠢᠯ ᠳᠠᠭᠠᠨ ᠮᠡᠷᠡᠶᠢᠬᠦ ᠪᠤᠯᠭᠠᠲᠤᠭᠠᠢ ᠭᠡᠵᠦ ᠬᠦᠰᠡᠪᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号