ᠡᠯ᠎ᠡ ᠠᠶᠢᠮᠠᠭ ᠬᠤᠳᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠤᠨ ᠦᠨ᠎ᠡ ᠬᠠᠩᠰᠢ ᠶᠢ ᠬᠢᠨᠠᠨ ᠬᠡᠮᠵᠢᠬᠦ ᠲᠥᠪ ᠲᠤ ᠮᠡᠳᠡᠭᠦᠯᠦᠭᠰᠡᠨ ᠡᠨᠧᠷᠭᠢ ᠶᠢᠨ | ᠦᠨ᠎ᠡ ᠬᠠᠩᠰᠢ ᠶᠢ ᠬᠢᠨᠠᠨ ᠬᠡᠮᠵᠢᠭᠰᠡᠨ ᠲᠤᠭ᠎ᠠ ᠪᠠᠷᠢᠮᠲᠠ ᠠᠴᠠ ᠦᠵᠡᠪᠡᠯ᠂ ᠡᠨᠡ ᠵᠢᠯ ᠤᠨ 10 ᠳ᠋ᠤᠭᠠᠷ ᠰᠠᠷ᠎ᠠ ᠳᠤ᠂ | ᠪᠦᠬᠦ ᠣᠷᠣᠨ ᠤ ᠬᠥᠳᠡᠯᠭᠡᠭᠴᠢ ᠬᠦᠴᠦᠨ ᠳᠤ ᠬᠡᠷᠡᠭᠯᠡᠬᠦ ᠨᠡᠭᠦᠷᠡᠰᠦᠨ ᠤ ᠠᠭᠤᠷᠬᠠᠶ ᠶᠢᠨ ᠠᠮᠠᠨ ᠳᠠᠬᠢ ᠳ᠋ᠦᠩᠨᠡᠨ | ᠪᠤᠳᠤᠬᠤ ᠦᠨ᠎ᠡ ᠬᠠᠩᠰᠢ ᠪᠠ ᠴᠠᠬᠢᠯᠭᠠᠨ ᠭᠠᠷᠭᠠᠬᠤ ᠨᠡᠭᠦᠷᠡᠰᠦᠨ ᠤ ᠬᠤᠳᠠᠯᠳᠤᠨ ᠣᠷᠣᠭᠤᠯᠬᠤ ᠦᠨ᠎ᠡ ᠬᠠᠩᠰᠢ | ᠴᠥᠮ ᠪᠠᠭ᠎ᠠ ᠥᠰᠴᠦ᠂ ᠪᠣᠯᠪᠠᠰᠤᠷᠠᠭᠤᠯᠤᠭᠰᠠᠨ ᠲᠣᠰᠣᠨ ᠤ ᠰᠤᠯᠠ ᠪᠠᠷ ᠪᠣᠷᠣᠯᠠᠭᠤᠯᠬᠤ ᠦᠨ᠎ᠡ ᠬᠠᠩᠰᠢ᠂ ᠠᠵᠤ | ᠦᠢᠯᠡᠳᠪᠦᠷᠢ ᠳᠤ ᠬᠡᠷᠡᠭᠯᠡᠬᠦ ᠴᠠᠬᠢᠯᠭᠠᠨ ᠤ ᠦᠨ᠎ᠡ ᠬᠠᠩᠰᠢ ᠴᠥᠮ ᠲᠣᠭᠲᠠᠭᠤᠨ ᠢ ᠪᠠᠲᠤᠯᠠᠪᠠ᠃ | 10 ᠳ᠋ᠤᠭᠠᠷ ᠰᠠᠷ᠎ᠠ ᠳᠤ᠂ ᠪᠥᠬᠦ ᠣᠷᠣᠨ ᠤ ᠬᠥᠳᠡᠯᠭᠡᠭᠴᠢ ᠬᠦᠴᠦᠨ ᠳᠤ ᠬᠡᠷᠡᠭᠯᠡᠬᠦ ᠨᠡᠭᠦᠷᠡᠰᠦᠨ ᠤ ᠳᠤᠮᠳᠠᠴᠢ | ᠳ᠋ᠦᠩᠨᠡᠨ ᠪᠤᠳᠤᠭᠰᠠᠨ ᠦᠨ᠎ᠡ ᠬᠠᠩᠰᠢ ᠨᠢ ᠲᠣᠨ ᠪᠦᠷᠢ ᠳᠡᠭᠡᠨ 214.2 ᠲᠥᠭᠦᠷᠢᠭ ᠪᠠᠶᠢᠵᠤ᠂ ᠦᠷᠭᠦᠯᠵᠢᠯᠡᠯ | ᠬᠠᠷᠢᠴᠠᠯ ᠢᠶᠠᠷ 2.74 % ᠥᠰᠴᠦ᠂ ᠥᠰᠥᠯᠲᠡ ᠶᠢᠨ ᠬᠡᠮᠵᠢᠶ᠎ᠡ ᠨᠢ 1.17 ᠵᠠᠭᠤᠨ ᠤ ᠴᠡᠭ ᠪᠠᠭᠤᠷᠠᠵᠠᠢ︔ | ᠠᠳᠠᠯᠢ ᠬᠤᠭᠤᠴᠠᠭᠠᠨ ᠤ ᠬᠢ ᠠᠴᠠ 16.96% ᠥᠰᠴᠦ᠂ ᠥᠰᠥᠯᠲᠡ ᠶᠢᠨ ᠬᠡᠮᠵᠢᠶ᠎ᠡ ᠨᠢ 9.2 ᠵᠠᠭᠤᠨ ᠤ ᠴᠡᠭ | ᠪᠠᠭᠤᠷᠠᠵᠠᠢ᠃ ᠡᠭᠦᠨ ᠳᠤ᠄ ᠵᠡᠭᠦᠨ ᠪᠡᠶ᠎ᠡ ᠶᠢᠨ ᠭᠠᠵᠠᠷ ᠣᠷᠣᠨ ᠤ ᠬᠦᠷᠡᠩ ᠨᠡᠭᠦᠷᠡᠰᠦᠨ ᠤ ᠠᠭᠤᠷᠬᠠᠶ ᠶᠢᠨ | ᠠᠮᠠᠨ ᠳᠠᠬᠢ ᠳᠤᠮᠳᠠᠴᠢ ᠳ᠋ᠦᠩᠨᠡᠨ ᠪᠤᠳᠤᠭᠰᠠᠨ ᠦᠨ᠎ᠡ ᠬᠠᠩᠰᠢ ᠨᠢ ᠲᠣᠨ ᠪᠦᠷᠢ ᠳᠡᠭᠡᠨ 159.89 ᠲᠥᠭᠦᠷᠢᠭ | ᠪᠠᠶᠢᠵᠤ᠂ ᠦᠷᠭᠦᠯᠵᠢᠯᠡᠯ ᠬᠠᠷᠢᠴᠠᠯ ᠢᠶᠠᠷ 2.60% ᠥᠰᠴᠦ᠂ ᠠᠳᠠᠯᠢ ᠬᠤᠭᠤᠴᠠᠭᠠᠨ ᠤ ᠬᠢ ᠠᠴᠠ 34.34% | ᠥᠰᠴᠡᠶ︔ ᠣᠷᠳᠣᠰ ᠬᠤᠲᠠ ᠶᠢᠨ ᠬᠥᠳᠡᠯᠭᠡᠭᠴᠢ ᠬᠦᠴᠦᠨ ᠳᠤ ᠬᠡᠷᠡᠭᠯᠡᠬᠦ ᠨᠡᠭᠦᠷᠡᠰᠦᠨ ᠤ ᠠᠭᠤᠷᠬᠠᠶ ᠶᠢᠨ | ᠠᠮᠠᠨ ᠳᠠᠬᠢ ᠳᠤᠮᠳᠠᠴᠢ ᠳ᠋ᠦᠩᠨᠡᠨ ᠪᠤᠳᠤᠭᠰᠠᠨ ᠦᠨ᠎ᠡ ᠬᠠᠩᠰᠢ ᠨᠢ ᠲᠣᠨ ᠪᠦᠷᠢ ᠳᠡᠭᠡᠨ 306.11 ᠲᠥᠭᠦᠷᠢᠭ | ᠪᠠᠶᠢᠵᠤ᠂ ᠦᠷᠭᠦᠯᠵᠢᠯᠡᠯ ᠬᠠᠷᠢᠴᠠᠯ ᠢᠶᠠᠷ 5.76% ᠥᠰᠴᠦ᠂ ᠠᠳᠠᠯᠢ ᠬᠤᠭᠤᠴᠠᠭᠠᠨ ᠤ ᠬᠢ ᠠᠴᠠ | 16% ᠥᠰᠴᠡᠶ᠃ | 10 ᠳ᠋ᠤᠭᠠᠷ ᠰᠠᠷ᠎ᠠ ᠳᠤ ᠪᠥᠬᠦ ᠣᠷᠣᠨ ᠤ ᠴᠠᠬᠢᠯᠭᠠᠨ ᠭᠠᠷᠭᠠᠬᠤ ᠨᠡᠭᠦᠷᠡᠰᠦᠨ ᠤ ᠬᠤᠳᠠᠯᠳᠤᠨ ᠣᠷᠣᠭᠤᠯᠬᠤ | ᠳᠤᠮᠳᠠᠴᠢ ᠦᠨ᠎ᠡ ᠬᠠᠩᠰᠢ ᠨᠢ ᠲᠣᠨ ᠪᠦᠷᠢ ᠳᠡᠭᠡᠨ 209.44 ᠲᠥᠭᠦᠷᠢᠭ ᠪᠠᠶᠢᠵᠤ᠂ ᠦᠷᠭᠦᠯᠵᠢᠯᠡᠯ ᠬᠠᠷᠢᠴᠠᠯ ᠢᠶᠠᠷ | 0.83% ᠥᠰᠴᠦ᠂ ᠠᠳᠠᠯᠢ ᠬᠤᠭᠤᠴᠠᠭᠠᠨ ᠤ ᠬᠢ ᠠᠴᠠ 26.76% ᠥᠰᠴᠡᠶ︔ ᠪᠠᠷᠢᠮᠵᠢᠶ᠎ᠠ ᠨᠡᠭᠦᠷᠡᠰᠦ ︵ | 7000 ᠺᠢᠯᠣ᠋ — ᠺᠠᠯᠤᠷᠢ︶ ᠪᠠᠷ ᠨᠤᠭᠤᠯᠤᠨ ᠪᠣᠳᠣᠭᠰᠠᠨ ᠤ ᠳᠠᠷᠠᠭᠠᠬᠢ ᠳᠤᠮᠳᠠᠴᠢ ᠬᠡᠮᠵᠢᠭᠳᠡᠯ ᠨᠢ ᠲᠣᠨ | ᠪᠦᠷᠢ ᠳᠡᠭᠡᠨ 382.69 ᠲᠥᠭᠦᠷᠢᠭ ᠪᠠᠶᠢᠵᠤ᠂ ᠦᠷᠭᠦᠯᠵᠢᠯᠡᠯ ᠬᠠᠷᠢᠴᠠᠯ ᠢᠶᠠᠷ 1.55% ᠥᠰᠴᠦ᠂ ᠠᠳᠠᠯᠢ | ᠬᠤᠭᠤᠴᠠᠭᠠᠨ ᠤ ᠬᠢ ᠠᠴᠠ 23.11% ᠥᠰᠴᠡᠶ᠃ |