1 —9 ᠳ᠋ᠦ᠋ᠭᠡᠷ ᠰᠠᠷ᠎ᠠ ᠪᠣᠯᠲᠠᠯ᠎ᠠ᠂ ᠥᠪᠥᠷ ᠮᠣᠩᠭᠤᠯ ᠬᠥᠳᠡᠯᠮᠦᠷᠢ ᠶᠢᠨ ᠪᠠᠲᠤᠯᠠᠭ᠎ᠠ ᠶᠢᠨ ᠬᠠᠤᠯᠢ | ᠬᠡᠷᠡᠭᠵᠢᠭᠦᠯᠵᠦ ᠬᠢᠨᠠᠨ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠥᠮᠦᠨ ᠬᠡᠷᠡᠭᠯᠡᠬᠦ | ᠨᠢᠭᠡᠴᠡ ᠶᠢᠨ ᠬᠥᠳᠡᠯᠮᠦᠷᠢ ᠬᠦᠴᠦ ᠬᠡᠷᠡᠭᠯᠡᠬᠦ ᠪᠠ ᠨᠡᠶᠢᠭᠡᠮ ᠤᠨ ᠳᠠᠭᠠᠳᠬᠠᠯ ᠤᠨ ᠬᠠᠤᠯᠢ ᠴᠠᠭᠠᠵᠠ ᠬᠠᠤᠯᠢ | ᠲᠣᠭᠲᠠᠭᠠᠯ ᠢ ᠵᠢᠷᠤᠮᠯᠠᠨ ᠰᠠᠬᠢᠬᠤ ᠪᠠᠶᠢᠳᠠᠯ ᠳᠤ ᠲᠤᠰᠬᠠᠶ ᠪᠠᠶᠢᠴᠠᠭᠠᠯᠲᠠ ᠬᠢᠵᠦ᠂ ᠬᠥᠳᠡᠯᠮᠦᠷᠢᠴᠢᠨ ᠤ ᠬᠠᠤᠯᠢ | ᠶᠣᠰᠣᠨ ᠤ ᠡᠷᠬᠡ ᠠᠰᠢᠭ ᠢ ᠪᠦᠲᠦᠮᠵᠢᠲᠡᠶ ᠬᠠᠮᠠᠭᠠᠯᠠᠵᠤ᠂ ᠪᠦᠬᠦ ᠣᠷᠣᠨ ᠤ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ | ᠪᠠᠶᠢᠴᠠᠭᠠᠬᠤ ᠪᠠᠶᠢᠭᠤᠯᠤᠮᠵᠢ ᠬᠥᠮᠦᠨ ᠬᠡᠷᠡᠭᠯᠡᠵᠦ ᠪᠠᠶᠢᠭ᠎ᠠ 2.64 ᠲᠦᠮᠡᠨ ᠨᠢᠭᠡᠴᠡ ᠳᠤ ᠰᠠᠨᠠᠭᠠᠴᠢᠯᠠᠭ᠎ᠠ ᠠᠴᠠ ᠪᠠᠨ | ᠪᠠᠶᠢᠴᠠᠭᠠᠯᠲᠠ ᠬᠢᠵᠦ᠂ 1.79 ᠲᠦᠮᠡᠨ ᠬᠦᠮᠦᠨ ᠤ ᠬᠦᠳᠡᠯᠮᠦᠷᠢ ᠶᠢᠨ ᠭᠡᠷ᠎ᠡ ᠶᠢ ᠨᠢ ᠨᠦᠬᠦᠨ ᠲᠣᠭᠲᠠᠭᠠᠵᠤ | ᠥᠭᠴᠡᠢ︔ 4290.1 ᠲᠦᠮᠡᠨ ᠲᠦᠭᠦᠷᠢᠭ ᠤᠨ ᠨᠡᠶᠢᠭᠡᠮ ᠤᠨ ᠳᠠᠭᠠᠳᠬᠠᠯ ᠤᠨ ᠰᠦᠶᠳᠬᠡᠯ ᠢ ᠰᠢᠮᠳᠠᠭᠤᠯᠤᠨ | ᠲᠤᠰᠢᠶᠠᠯᠭᠠᠵᠤ᠂ ᠬᠥᠳᠡᠯᠮᠦᠷᠢᠴᠢᠨ ᠤ ᠴᠠᠯᠢᠩ ᠢ 4.28 ᠳ᠋ᠥᠩᠰᠢᠭᠤᠷ ᠲᠥᠭᠦᠷᠢᠭ ᠨᠡᠬᠡᠮᠵᠢᠯᠡᠨ ᠣᠯᠭᠤᠵᠠᠢ᠃ | ᠡᠭᠦᠨ ᠠᠴᠠ ᠭᠠᠳᠠᠨ᠎ᠠ᠂ ᠡᠨᠡ ᠵᠢᠯ ᠮᠠᠨ ᠤ ᠣᠷᠣᠨ ᠤ ᠬᠥᠳᠡᠯᠮᠦᠷᠢ ᠬᠦᠴᠦᠨ ᠤ ᠠᠵᠢᠯᠳᠠᠨ ᠤ ᠶᠠᠪᠤᠳᠠᠯ ᠤᠨ | ᠡᠶᠡᠳᠡᠭᠦᠯᠬᠦ ᠪᠠ ᠬᠥᠨᠳᠡᠯᠡᠨ ᠠᠴᠠ ᠲᠠᠰᠤᠯᠬᠤ ᠠᠵᠢᠯ ᠤᠯᠠᠮ ᠨᠢᠭᠡ ᠠᠯᠬᠤᠮ ᠴᠢᠩᠭᠠᠳᠪᠠ᠃ ᠲᠦᠷᠦᠭᠦᠦ ᠭᠤᠷᠪᠠᠨ | ᠤᠯᠠᠷᠢᠯ ᠳᠤ᠂ ᠪᠦᠬᠦ ᠣᠷᠣᠨ ᠤ ᠡᠯ᠎ᠡ ᠱᠠᠲᠤᠨ ᠤ ᠡᠶᠡᠳᠡᠭᠦᠯᠬᠦ ᠪᠠ ᠬᠥᠨᠳᠡᠯᠡᠨ ᠠᠴᠠ ᠲᠠᠰᠤᠯᠬᠤ ᠪᠠᠶᠢᠭᠤᠯᠤᠮᠵᠢ | ᠨᠤᠭᠤᠳ 11668 ᠵᠦᠢᠯ ᠤᠨ ᠮᠠᠷᠭᠤᠯᠳᠤᠭᠠᠨ ᠢ ᠰᠢᠢᠳᠪᠦᠷᠢᠯᠡᠵᠦ᠂ ᠠᠳᠠᠯᠢ ᠬᠤᠭᠤᠴᠠᠭᠠᠨ ᠤ ᠬᠢ ᠠᠴᠠ 8. | 76% ᠪᠠᠷ ᠪᠠᠭᠠᠰᠴᠤ᠂ ᠰᠢᠢᠳᠪᠦᠷᠢᠯᠡᠭᠰᠡᠨ ᠨᠤᠷᠮ᠎ᠠ ᠨᠢ 90.62%᠂ ᠡᠴᠦᠰ ᠤᠨ ᠲᠠᠰᠤᠯᠤᠯᠲᠠ ᠬᠢᠭᠰᠡᠨ | ᠨᠣᠷᠮ᠎ᠠ ᠨᠢ 39.45%᠂ ᠡᠶᠡᠳᠡᠭᠦᠯᠦᠭᠰᠡᠨ ᠨᠤᠷᠮ᠎ᠠ ᠨᠢ 63.18% ᠪᠣᠯᠵᠤ᠂ 13631 ᠬᠦᠳᠡᠯᠮᠦᠷᠢ | ᠬᠦᠴᠦᠨ ᠳᠤ ᠬᠤᠯᠪᠤᠭᠳᠠᠵᠠᠢ᠃ ᠡᠶᠡᠳᠡᠭᠦᠯᠬᠦ ᠪᠠ ᠬᠥᠨᠳᠡᠯᠡᠨ ᠠᠴᠠ ᠲᠠᠰᠤᠯᠬᠤ ᠠᠵᠢᠯ ᠤᠨ ᠮᠡᠳᠡᠭᠡ | ᠵᠠᠩᠭᠢᠵᠢᠭᠤᠯᠤᠯᠲᠠ ᠶᠢᠨ ᠬᠢᠷᠢ ᠲᠦᠪᠰᠢᠨ ᠲᠠᠰᠤᠷᠠᠯᠲᠠ ᠦᠭᠡᠢ ᠳᠡᠭᠡᠭᠰᠢᠯᠡᠵᠦ᠂ ᠰᠦᠯᠵᠢᠶᠡᠨ ᠳᠡᠭᠡᠷ᠎ᠡ ᠬᠡᠷᠡᠭ | ᠰᠢᠶᠳᠪᠦᠷᠢᠯᠡᠬᠦ ᠨᠤᠷᠮ᠎ᠠ ᠨᠢᠭᠡᠨᠲᠡ 61.22% ᠬᠦᠷᠴᠡᠢ᠃ |