ᠬᠥᠯᠥᠨ ᠪᠤᠶᠢᠷ ᠬᠤᠲᠠ ᠤᠢ ᠰᠢᠭᠤᠶ ᠶᠢᠨ ᠡᠬᠢ ᠪᠠᠶᠠᠯᠢᠭ ᠤᠨ ᠬᠠᠮᠠᠭᠠᠯᠠᠯᠲᠠ ᠶᠢᠨ ᠠᠵᠢᠯ ᠢ ᠦᠨᠡᠨ ᠬᠦ ᠰᠠᠶᠢᠲᠤᠷ ᠬᠢᠵᠦ ᠪᠤᠢ
ᠨᠡᠶᠢᠲᠡᠯᠡᠭᠰᠡᠨ ᠴᠠᠭ᠄
2017/11/3
      ᠨᠢᠭᠡ ᠳᠤ ᠤᠢ ᠮᠣᠳᠣ ᠡᠪᠡᠰᠦ ᠪᠡᠯᠴᠢᠭᠡᠷ ᠢ ᠡᠪᠳᠡᠬᠦ ᠠᠵᠢᠯᠯᠠᠭ᠎ᠠ ᠳᠤ ᠲᠤᠰᠬᠠᠶ ᠴᠣᠬᠢᠯᠲᠠ ᠥᠭᠬᠦ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠪᠠᠶᠢᠴᠠᠭᠠᠬᠤ ᠶᠢᠨ ᠳᠠᠭᠠᠤ ᠵᠠᠯᠠᠷᠠᠭᠤᠯᠬᠤ ᠠᠵᠢᠯ ᠤᠨ ᠵᠠᠷᠴᠢᠮ ᠶᠣᠰᠣᠭᠠᠷ᠂ ᠲᠠᠷᠢᠶᠠᠯᠠᠬᠤ ᠶᠢ ᠵᠣᠭᠰᠣᠭᠠᠨ ᠤᠢ ᠮᠣᠳᠣ ᠨᠤᠭᠤ ᠭᠠᠵᠠᠷ ᠢ ᠰᠡᠷᠭᠦᠭᠡᠬᠦ ᠡᠷᠴᠢᠮ ᠢᠶᠠᠨ ᠲᠠᠰᠤᠷᠠᠯᠲᠠ ᠦᠭᠡᠶ ᠴᠢᠩᠭᠠᠷᠠᠭᠤᠯᠪᠠ᠂ ᠦᠨᠦ ᠪᠤᠯᠬᠤ ᠳᠤ᠂ ᠪᠥᠬᠦ ᠬᠤᠲᠠ ᠨᠡᠶᠢᠲᠡ 59.89 ᠲᠦᠮᠡᠨ ᠮᠤ᠋ ᠲᠠᠯᠠᠪᠠᠢ ᠶᠢ ᠬᠤᠷᠢᠶᠠᠨ ᠠᠪᠤᠭᠰᠠᠨ ᠪᠠ ᠲᠠᠷᠢᠶᠠᠯᠠᠬᠤ ᠶᠢ ᠵᠤᠭᠰᠤᠭᠠᠵᠤ᠂ 26.24 ᠲᠦᠮᠡᠨ ᠮᠦ ᠤᠢ ᠮᠣᠳᠣ ᠲᠡᠷᠢᠵᠦ ᠤᠢ ᠰᠢᠭᠤᠶ ᠶᠢ ᠰᠡᠷᠭᠦᠭᠡᠭᠰᠡᠨ ᠪᠠᠶᠢᠨ᠎ᠠ᠃      ᠬᠤᠶᠠᠷ ᠲᠤ ᠤᠢ ᠰᠢᠭᠤᠶ ᠶᠢᠨ ᠡᠬᠢ ᠪᠠᠶᠠᠯᠢᠭ ᠢ ᠬᠠᠮᠠᠭᠠᠯᠠᠨ ᠬᠥᠭᠵᠢᠭᠦᠯᠬᠦ ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠭᠠᠵᠠᠷ ᠯᠤᠭ᠎ᠠ ︽ᠤᠢ ᠰᠢᠭᠤᠶ ᠶᠢᠨ ᠡᠬᠢ ᠪᠠᠶᠠᠯᠢᠭ ᠢ ᠬᠠᠮᠠᠭᠠᠯᠠᠨ ᠬᠥᠭᠵᠢᠭᠦᠯᠬᠦ ᠬᠠᠷᠠᠯᠲᠠᠲᠤ ᠬᠠᠷᠢᠭᠤᠴᠠᠯᠭ᠎ᠠ ᠶᠢᠨ ᠪᠢᠴᠢᠭ︾ ᠲᠤᠭᠲᠠᠵᠤ᠂ ᠤᠢ ᠰᠢᠭᠤᠶ ᠶᠢᠨ ᠡᠬᠢ ᠪᠠᠶᠠᠯᠢᠭ ᠢ ᠬᠠᠮᠠᠭᠠᠯᠠᠨ ᠬᠥᠭᠵᠢᠭᠦᠯᠬᠦ ᠬᠠᠷᠠᠯᠲᠠᠲᠤ ᠬᠠᠷᠢᠭᠤᠴᠠᠯᠭ᠎ᠠ ᠶᠢᠨ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠪᠡ᠃      ᠭᠤᠷᠪᠠ ᠳᠤ ᠤᠢ ᠰᠢᠭᠤᠷ ᠲᠠᠢ ᠬᠤᠯᠪᠤᠭᠳᠠᠬᠤ ᠬᠡᠷᠡᠭ ᠢ ᠪᠠᠶᠢᠴᠠᠭᠠᠨ ᠰᠢᠳᠭᠡᠵᠤ ᠡᠷᠴᠢᠮ ᠢᠶᠠᠨ ᠴᠢᠩᠭᠠᠳᠬᠠᠵᠤ᠂ 1 — 9 ᠳ᠋ᠤᠭᠡᠷ ᠰᠠᠷ᠎ᠠ ᠪᠤᠯᠲᠠᠯ᠎ᠠ᠂ ᠪᠦᠬᠦ ᠬᠤᠲᠠ ᠶᠢᠨ ᠤᠢ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠡᠶᠢᠲᠡ 49915 ᠴᠠᠭᠳᠠᠭ᠎ᠠ᠂ 16638 ᠤᠳᠠᠭ᠎ᠠ ᠲᠡᠷᠭᠡ ᠬᠥᠰᠬᠡ ᠬᠥᠳᠡᠯᠭᠡᠵᠦ᠂ ᠤᠢ ᠰᠢᠭᠤᠢ ᠲᠠᠢ ᠬᠤᠯᠪᠤᠭᠳᠠᠭᠰᠠᠨ ᠡᠯ᠎ᠡ ᠲᠦᠷᠦᠯ ᠤᠨ 2244 ᠬᠡᠷᠡᠭ ᠢ ᠬᠦᠯᠢᠶᠡᠨ ᠠᠪᠴᠤ ᠰᠢᠢᠳᠪᠦᠷᠢᠯᠡᠵᠤ᠂ 2215 ᠬᠡᠷᠡᠭ ᠢ ᠪᠠᠶᠢᠴᠠᠭᠠᠨ ᠰᠢᠳᠭᠡᠵᠤ᠂ ᠪᠠᠶᠢᠴᠠᠭᠠᠨ ᠰᠢᠳᠭᠡᠭᠰᠡᠨ ᠨᠤᠷᠮ᠎ᠠ ᠨᠢ 98.7%᠎ ᠳᠤ ᠬᠦᠷᠴᠦ᠂ ᠬᠠᠤᠯᠢ ᠶᠢ ᠵᠥᠷᠢᠴᠡᠵᠦ ᠶᠠᠯ᠎ᠠ ᠬᠢᠭᠰᠡᠨ 2236 ᠬᠥᠮᠦᠨ ᠳᠤ ᠴᠣᠬᠢᠯᠲᠠ ᠥᠭᠴᠦ ᠰᠢᠢᠳᠪᠦᠷᠢᠯᠡᠨ᠂ 299.58 ᠲᠦᠮᠡᠨ ᠲᠥᠭᠦᠷᠢᠭ ᠤᠨ ᠠᠵᠤ ᠠᠬᠤᠶ ᠶᠢᠨ ᠬᠤᠬᠢᠷᠠᠯ ᠢ ᠡᠭᠡᠭᠦᠯᠦᠨ ᠠᠪᠴᠢᠷᠠᠭᠰᠠᠨ ᠪᠠᠶᠢᠨ᠎ᠠ᠃      ᠲᠦᠷᠪᠡ ᠳᠤ ᠪᠠᠶᠢᠭᠤᠯᠵᠤ ᠪᠠᠶᠢᠭ᠎ᠠ ᠤᠯᠤᠰ ᠤᠨ ᠲᠠᠰ ᠤᠨ ᠨᠤᠭᠤ ᠭᠠᠵᠠᠷ ᠤᠨ ᠴᠡᠴᠡᠷᠯᠢᠭ ︵ᠲᠤᠷᠰᠢᠯᠲᠠ ᠶᠢᠨ ᠴᠢᠭ᠋︶ 13 ᠪᠠᠶᠢᠵᠤ᠂ ᠡᠬᠦᠨ ᠳᠤ 3᠎ ᠶᠢ ᠨᠢ ᠨᠢᠭᠡᠨᠲᠡ ᠰᠢᠯᠭᠠᠨ ᠬᠤᠷᠢᠶᠠᠪᠠ᠃      ᠲᠠᠪᠤ ᠳᠤ ᠪᠦᠬᠦ ᠬᠤᠳᠠ ᠶᠢᠨ ᠤᠢ ᠰᠢᠭᠤᠶ ᠶᠢᠨ ᠬᠥᠨᠥᠭᠡᠯ ᠲᠠᠢ ᠠᠮᠢᠳᠤ ᠪᠣᠳᠠᠰ ᠳᠡᠯᠭᠡᠷᠡᠬᠦ ᠲᠠᠯᠠᠪᠠᠶ 36.32 ᠲᠦᠮᠡᠨ ᠮᠤ᠋ ᠪᠠᠶᠢᠵᠤ᠂ 24.4 ᠲᠦᠮᠡᠨ ᠮᠤ᠋ ︵ᠨᠢᠰᠭᠡᠯ ᠢᠶᠠᠷ ᠰᠡᠷᠭᠡᠶᠢᠯᠡᠨ ᠵᠠᠰᠠᠭᠰᠠᠨ 21 ᠲᠦᠮᠡᠨ ᠮᠥ ᠪᠠᠭᠲᠠᠨ᠎ᠠ︶᠎ ᠶᠢ ᠨᠢ ᠬᠥᠨᠥᠭᠡᠯ ᠦᠭᠡᠢ ᠪᠠᠷ ᠰᠡᠷᠭᠡᠶᠢᠯᠡᠨ ᠵᠠᠰᠠᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号