ᠲᠥᠩᠯᠢᠶᠥᠥ ᠬᠤᠲᠠ ᠥᠢᠯᠡᠴᠢᠯᠡᠭᠡ ᠪᠠᠨ ᠰᠠᠶᠢᠵᠢᠷᠠᠭᠤᠯᠵᠤ ᠠᠵᠢᠯ ᠤᠯᠭᠤᠯᠳᠠ ᠶᠢ ᠬᠥᠴᠥᠲᠠᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2017/11/30
      ᠡᠨᠡ ᠵᠢᠯ ᠠᠴᠠ ᠨᠠᠰᠢ᠂ ᠲᠥᠩᠯᠢᠶᠤᠤ ᠬᠤᠲᠠ ᠥᠢᠯᠡᠰ ᠪᠤᠰᠬᠠᠵᠤ ᠠᠵᠢᠯ ᠤᠯᠭᠤᠬᠤ ᠲᠥᠷᠥ ᠶᠢᠨ ᠪᠤᠳᠤᠯᠭ᠎ᠠ ᠶᠢ ᠤᠬᠠᠭᠤᠯᠬᠤ᠂ ᠬᠡᠷᠡᠭᠵᠢᠭᠦᠯᠬᠦ ᠠᠷᠭ᠎ᠠ ᠬᠡᠮᠵᠢᠶ᠎ᠡ ᠶᠢ ᠲᠤᠬᠳᠠᠭᠠᠬᠤ᠂ ᠥᠢᠯᠡᠰ ᠪᠤᠰᠬᠠᠬᠤ ᠪᠣᠯᠪᠠᠰᠤᠷᠠᠭᠤᠯᠤᠯ ᠢ ᠥᠷᠨᠢᠭᠦᠯᠬᠦ᠂ ᠥᠢᠯᠡᠰ ᠪᠤᠰᠬᠠᠬᠤ ᠵᠢᠭᠡᠯᠡᠯᠭᠡ ᠲᠠᠷᠬᠠᠭᠠᠬᠤ᠂ ᠤᠶᠤᠳᠠᠳ ᠤᠨ ᠥᠢᠯᠡᠰ ᠪᠤᠰᠬᠠᠬᠤ ᠶᠢ ᠳᠡᠳᠭᠦᠬᠦ ᠵᠡᠷᠭᠡ ᠬᠡᠯᠪᠡᠷᠢ ᠪᠠᠷ ᠥᠢᠯᠡᠰ ᠪᠤᠰᠬᠠᠬᠤ ᠪᠠᠷ ᠳᠠᠮᠵᠢᠨ ᠠᠵᠢᠯ ᠤᠯᠭᠤᠯᠲᠠ ᠶᠢ ᠠᠬᠢᠭᠤᠯᠵᠤ᠂ ᠪᠥᠬᠦ ᠠᠷᠠᠳ ᠢᠶᠠᠷ ᠢᠶᠠᠨ ᠥᠢᠯᠡᠰ ᠪᠤᠰᠬᠠᠬᠤ ᠳᠤ ᠤᠷᠤᠯᠴᠠᠬᠤ ᠶᠢ ᠪᠥᠬᠦ ᠬᠥᠴᠥᠨ ᠢᠶᠠᠷ ᠬᠡᠷᠡᠭᠵᠢᠭᠦᠯᠤᠨ᠂ ᠥᠢᠯᠡᠴᠢᠯᠡᠭᠡ ᠪᠠᠨ ᠰᠠᠶᠢᠵᠢᠷᠠᠭᠤᠯᠵᠤ ᠠᠵᠢᠯ ᠤᠯᠭᠤᠯᠳᠠ ᠶᠢ ᠬᠥᠴᠥᠲᠠᠢ ᠠᠬᠢᠭᠤᠯᠵᠤ ᠪᠤᠢ᠃      ᠭᠤᠤᠯᠳᠠᠯᠭ᠎ᠠ ᠲᠠᠢ ᠬᠥᠮᠥᠰ ᠤᠨ ᠠᠵᠢᠯ ᠤᠯᠭᠤᠯᠲᠠ ᠶᠢ ᠨᠢᠭᠡᠳᠥᠯᠲᠠᠢ ᠲᠥᠯᠥᠪᠯᠡᠵᠤ ᠴᠢᠩᠭᠠᠳᠬᠠᠪᠠ᠃ ᠲᠡᠭᠦᠰᠥᠭᠡᠳ ᠠᠵᠢᠯ ᠤᠯᠤᠭᠠᠳᠤᠢ ᠤᠶᠤᠲᠠᠳ ᠤᠨ ᠠᠵᠢᠯ ᠤᠯᠭᠤᠯᠲᠠ ᠶᠢ ᠠᠬᠢᠭᠤᠯᠬᠤ ᠲᠥᠯᠥᠪᠯᠡᠭᠡ᠂ ᠠᠵᠢᠯ ᠤᠨ ᠪᠠᠶᠢᠷᠢ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ᠂ ᠠᠵᠢᠯ ᠤᠨ ᠪᠠᠶᠢᠷᠢ ᠶᠢ ᠥᠷᠭᠡᠳᠭᠡᠬᠦ ᠲᠥᠯᠥᠪᠯᠡᠭᠡ ᠪᠤᠯᠤᠨ ᠥᠢᠯᠡᠰ ᠪᠤᠰᠬᠠᠬᠤ ᠪᠠᠷ ᠠᠵᠢᠯ ᠤᠯᠭᠤᠯᠲᠠ ᠶᠢ ᠳᠠᠶᠢᠴᠢᠯᠠᠬᠤ ᠲᠥᠯᠥᠪᠯᠡᠭᠡ ᠶᠢ ᠬᠡᠷᠡᠭᠵᠢᠭᠦᠯᠵᠤ᠂ ᠶᠠᠷᠥᠩᠬᠡᠢ ᠠᠵᠢᠯ ᠤᠯᠭᠤᠯᠲᠠ ᠶᠢᠨ ᠨᠤᠷᠮ᠎ᠠ ᠶᠢᠨ ᠳᠡᠭᠡᠭᠰᠢᠯᠡᠯᠲᠠ ᠶᠢ ᠥᠨᠡᠨᠬᠦ ᠪᠠᠳᠤᠯᠠᠵᠠᠢ᠃ ᠠᠵᠢᠯ ᠤᠯᠭᠤᠯᠲᠠ ᠶᠢ ᠲᠤᠰᠠᠯᠠᠬᠤ ᠲᠥᠷᠢᠮ ᠢ ᠳᠡᠭᠦᠯᠳᠡᠷᠵᠢᠭᠦᠯᠵᠤ᠂ ᠠᠵᠢᠯ ᠤᠯᠭᠤᠯᠲᠠ ᠶᠢ ᠲᠤᠰᠠᠯᠠᠬᠤ ᠡᠷᠴᠢᠮ ᠢ ᠴᠢᠩᠭᠠᠳᠬᠠᠨ᠂ ᠨᠡᠶᠢᠳᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠲᠥᠷᠥᠯ ᠬᠤᠪᠢᠶᠠᠨ ᠬᠠᠪᠰᠤᠷᠤᠨ ᠳᠡᠳᠭᠦᠬᠦ ᠶᠢ ᠬᠡᠷᠡᠭᠵᠢᠭᠦᠯᠤᠨ᠂ ᠠᠵᠢᠯ ᠤᠯᠬᠤ ᠳᠤ ᠬᠥᠴᠢᠷᠳᠡᠯᠲᠠᠢ ᠬᠥᠮᠥᠨ᠂ ᠶᠠᠭ ᠠᠵᠢᠯ ᠣᠯᠭᠤᠯᠲᠠ ᠥᠭᠡᠢ ᠭᠡᠷ ᠪᠥᠯᠢ᠂ ᠭᠠᠵᠠᠷ ᠢ ᠨᠢ ᠳᠠᠳᠠᠪᠥᠷᠢᠯᠡᠬᠰᠨᠨ ᠲᠠᠷᠢᠶᠠᠴᠢᠨ ᠵᠢᠴᠢ ᠠᠵᠢᠯ ᠠᠯᠳᠠᠬᠰᠠᠳ ᠲᠤ ᠠᠵᠢᠯ ᠤᠯᠭᠤᠬᠤ ᠠᠰᠠᠭᠤᠳᠠᠯ ᠢ ᠰᠠᠶᠢᠳᠤᠷ ᠰᠢᠢᠳᠪᠥᠷᠢᠯᠡᠪᠠ᠃ 20 ᠬᠥᠴᠢᠷᠳᠡᠯᠲᠠᠢ ᠠᠵᠤ ᠠᠬᠤᠶᠢᠯᠡᠯ ᠳᠤ ᠠᠵᠢᠯ ᠤᠨ ᠪᠠᠶᠢᠷᠢ ᠶᠢ ᠳᠤᠬᠳᠠᠪᠥᠷᠢᠵᠢᠭᠤᠯᠬᠤ ᠨᠥᠬᠦᠪᠥᠷᠢ ᠶᠢ 1600 ᠲᠥᠮᠡᠨ ᠲᠥᠭᠦᠷᠢᠭ ᠭᠤᠶᠤᠴᠢᠯᠠᠵᠤ ᠥᠭᠪᠡ︔ 177 ᠲᠡᠭᠦᠰᠥᠭᠰᠡᠨ ᠤᠶᠤᠲᠠᠨ ᠳᠤ ᠠᠵᠢᠯ ᠤᠯᠵᠤ ᠥᠢᠯᠡᠰ ᠪᠤᠰᠬᠠᠬᠤ ᠨᠥᠬᠦᠪᠥᠷᠢ ᠶᠢ 17.7 ᠲᠥᠮᠡᠨ ᠲᠥᠬᠦᠷᠢᠭ ᠲᠠᠷᠬᠠᠭᠠᠵᠠᠢ︔ ᠠᠵᠢᠯ ᠠᠯᠳᠠᠬᠤ ᠳᠠᠭᠠᠳᠬᠠᠯ ᠤᠨ ᠰᠥᠢᠳᠭᠡᠯ ᠤᠨ ᠨᠤᠷᠮ᠎ᠠ ᠶᠢ 0.5% ᠢᠶᠠᠷ ᠪᠠᠭᠤᠷᠠᠭᠤᠯᠪᠠ᠃ ᠡᠶᠢᠨᠬᠦ ᠪᠥᠬᠦ ᠬᠤᠲᠠ ᠶᠢᠨ ᠬᠤᠲᠠ ᠪᠠᠯᠭᠠᠰᠤᠨ ᠤ ᠰᠢᠨ᠎ᠡ ᠪᠠᠷ ᠠᠵᠢᠯ ᠤᠯᠤᠭᠰᠠᠨ ᠬᠦᠮᠦᠨ ᠤ ᠲᠤᠭ᠎ᠠ 10631 ᠳᠤ ᠬᠥᠷᠴᠥ᠂ ᠬᠤᠲᠠ ᠪᠠᠯᠭᠠᠰᠤᠨ ᠤ ᠳᠠᠩᠰᠠᠯᠠᠬᠰᠠᠨ ᠠᠵᠢᠯ ᠠᠯᠳᠠᠯᠲᠠ ᠶᠢᠨ ᠨᠤᠷᠮ᠎ᠠ 3.66% ᠪᠤᠯᠤᠬᠰᠠᠨ ᠪᠠᠶᠢᠨ᠎ᠠ᠃      ᠥᠢᠯᠡᠰ ᠪᠤᠰᠬᠠᠬᠤ ᠠᠴᠢᠶᠠᠯᠠᠪᠥᠷᠢ ᠶᠢᠨ ᠲᠠᠪᠴᠠᠩ ᠢ ᠢᠳᠡᠪᠬᠢᠲᠠᠢ ᠪᠠᠶᠢᠭᠤᠯᠪᠠ᠃ ᠣᠳᠣ ᠪᠠᠶᠢᠬᠤ ᠠᠵᠤ ᠥᠢᠯᠡᠳᠪᠥᠷᠢ ᠲᠥᠪᠯᠡᠷᠡᠭᠰᠡᠨ ᠲᠤᠭᠤᠷᠢᠬ᠂ ᠥᠢᠯᠡᠰ ᠪᠤᠰᠬᠠᠬᠤ ᠴᠢᠬ ᠢ ᠭᠥᠢᠴᠡᠳ ᠠᠰᠢᠬᠯᠡᠵᠤ᠂ ᠥᠢᠯᠡᠰ ᠪᠤᠰᠬᠠᠬᠤ ᠶᠢ ᠨᠡᠪᠴᠢᠭᠦᠯᠬᠦ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠢᠳᠡᠪᠬᠢᠲᠠᠢ ᠥᠷᠨᠢᠭᠦᠯᠤᠨ᠂ ︽ᠲᠥᠪᠯᠡᠷᠡᠭᠦᠯᠬᠦ + ᠲᠠᠷᠠᠬᠠᠢ︾ ᠵᠠᠬᠪᠤᠷ ᠢᠶᠠᠷ 34 ᠲᠥᠪᠯᠡᠷᠡᠭᠦᠯᠬᠦ ᠬᠡᠯᠪᠡᠷᠢ ᠶᠢᠨ ᠥᠢᠯᠡᠰ ᠪᠤᠰᠬᠠᠬᠤ ᠨᠡᠪᠴᠢᠭᠦᠯᠬᠦ ᠰᠠᠭᠤᠷᠢᠨ ᠭᠠᠵᠠᠷ ᠪᠤᠯᠤᠨ 1586 ᠲᠠᠷᠠᠬᠠᠢ ᠬᠡᠯᠪᠡᠷᠢ ᠶᠢᠨ ᠥᠢᠯᠡᠰ ᠪᠤᠰᠬᠠᠬᠤ ᠨᠡᠪᠴᠢᠭᠦᠯᠬᠦ ᠲᠤᠤᠷ ᠴᠢᠬ ᠢ ᠪᠠᠶᠢᠭᠤᠯᠵᠤ᠂ 2982 ᠥᠢᠯᠡᠰ ᠪᠤᠰᠬᠠᠬᠤ ᠪᠤᠳᠠᠳᠤ ᠴᠤᠬᠴᠠ ᠨᠤᠲᠤᠬᠰᠢᠵᠤ᠂ 2.2468 ᠲᠦᠮᠡᠨ ᠬᠥᠮᠥᠨ ᠢ ᠳᠠᠶᠢᠴᠢᠯᠠᠨ ᠠᠵᠢᠯ ᠤᠯᠭᠤᠪᠠ᠃ ᠡᠭᠦᠨ ᠤ ᠬᠠᠮᠳᠤ ︽ᠰᠥᠯᠵᠢᠶ᠎ᠡ + ᠠᠵᠢᠯ ᠤᠯᠭᠤᠬᠤ︾ ᠰᠢᠨ᠎ᠡ ᠵᠠᠬᠪᠤᠷ ᠢ ᠢᠳᠡᠪᠬᠢᠲᠠᠢ ᠬᠡᠷᠡᠭᠯᠡᠵᠤ᠂ ᠡᠯᠧᠺᠲᠷᠣᠨ ᠬᠤᠳᠠᠯᠳᠤᠭᠠᠨ ᠤ ᠥᠢᠯᠡᠰ ᠪᠤᠰᠬᠠᠬᠤ ᠬᠤᠯᠪᠤᠭ᠎ᠠ ᠶᠢ ᠪᠠᠶᠢᠭᠤᠯᠵᠤ᠂ 110 ᠭᠠᠴᠠᠭ᠎ᠠ ᠲᠤᠰᠬᠤᠨ ᠤ ᠥᠢᠯᠡᠴᠢᠯᠡᠭᠡᠨ ᠤ ᠥᠷᠳᠡᠭᠡ ᠶᠢ ᠪᠠᠶᠢᠭᠤᠯᠵᠠᠢ᠃ ︽ᠰᠥᠯᠵᠢᠶᠠᠨ ᠳᠠᠪᠴᠠᠩ + ᠪᠠᠷᠠᠭ᠎ᠠ ᠬᠥᠷᠭᠡᠬᠦ ᠲᠥᠪ + ᠭᠠᠴᠠᠭ᠎ᠠ ᠲᠤᠰᠬᠤᠨ ᠨᠡᠶᠢᠭᠡᠮ ᠲᠤᠭᠤᠷᠢᠬ ᠤᠨ ᠥᠢᠯᠡᠴᠢᠯᠡᠭᠡᠨ ᠤ ᠥᠷᠳᠡᠭᠡ︾ ᠶᠢᠨ ᠵᠠᠬᠪᠤᠷ ᠢᠶᠠᠷ ᠮᠠᠯᠴᠢᠨ ᠲᠠᠷᠢᠶᠠᠴᠢᠨ ᠤ ᠨᠤᠲᠤᠬ ᠲᠠᠭᠠᠨ ᠪᠤᠴᠠᠵᠤ ᠥᠢᠯᠡᠰ ᠪᠤᠰᠬᠠᠬᠤ ᠶᠢ ᠵᠢᠯᠤᠭᠤᠳᠤᠨ᠂ ᠶᠠᠳᠠᠭᠤ ᠬᠥᠴᠢᠷᠳᠡᠯᠲᠠᠢ ᠬᠥᠳᠡᠯᠮᠥᠷᠢ ᠬᠥᠴᠥ ᠶᠢ ᠳᠠᠶᠢᠴᠢᠯᠠᠨ ᠭᠠᠴᠠᠭᠠᠨ ᠤ ᠪᠠᠨ ᠳᠡᠷᠭᠡᠳᠡ ᠠᠵᠢᠯ ᠤᠯᠬᠤ ᠪᠤᠯᠭᠠᠬᠰᠠᠨ ᠪᠠᠶᠢᠨ᠎ᠠ᠃      ᠥᠢᠯᠡᠰ ᠪᠤᠰᠬᠠᠵᠤ ᠠᠵᠢᠯ ᠤᠯᠭᠤᠬᠤ ᠤᠷᠴᠢᠨ ᠲᠤᠭᠤᠷᠢᠨ ᠢ ᠲᠠᠰᠤᠷᠠᠯᠲᠠ ᠥᠭᠡᠢ ᠰᠢᠯᠢᠳᠡᠭᠵᠢᠭᠦᠯᠪᠠ᠃ ᠤᠯᠠᠨ ᠢᠶᠠᠷ ᠢᠶᠠᠨ ᠥᠢᠯᠡᠰ ᠪᠤᠰᠬᠠᠬᠤ ᠤᠷᠤᠨ ᠵᠠᠢ ᠪᠠᠷ ᠤᠨᠴᠠᠯᠢᠬ ᠪᠤᠯᠭᠠᠬᠰᠠᠨ ᠤᠯᠠᠨ ᠢᠶᠠᠷ ᠢᠶᠠᠨ ᠥᠢᠯᠡᠰ ᠪᠤᠰᠬᠠᠬᠤ ᠲᠥᠪᠯᠡᠷᠡᠭᠰᠡᠨ ᠲᠤᠭᠤᠷᠢᠬ ᠢ ᠪᠥᠲᠥᠭᠡᠨ ᠪᠠᠶᠢᠭᠤᠯᠵᠤ᠂ ᠤᠯᠠᠨ ᠢᠶᠠᠷ ᠢᠶᠠᠨ ᠥᠢᠯᠡᠰ ᠪᠤᠰᠬᠠᠬᠤ ᠲᠥᠪᠯᠡᠷᠡᠭᠰᠡᠨ ᠲᠤᠭᠤᠷᠢᠬ ᠤᠨ ᠨᠡᠶᠢᠳᠡᠮ ᠪᠥᠷᠬᠦᠬᠦ ᠶᠢ ᠪᠡᠶᠡᠯᠡᠭᠦᠯᠵᠠᠢ᠃ ︽ᠬᠠᠪᠤᠷ ᠤᠨ ᠤᠷᠢᠬᠠᠨ ᠰᠠᠯᠬᠢ ᠠᠵᠢᠯᠯᠠᠭ᠎ᠠ︾ ᠵᠡᠷᠭᠡ ᠲᠤᠮᠤ ᠬᠡᠯᠪᠡᠷᠢ ᠶᠢᠨ ᠠᠵᠤ ᠠᠬᠤᠶᠢᠯᠠᠯ ᠤᠨ ᠬᠥᠮᠥᠨ ᠬᠡᠷᠡᠭᠯᠡᠬᠦ ᠪᠤᠯᠤᠨ ᠲᠤᠰᠬᠠᠢ ᠬᠥᠮᠥᠨ ᠡᠯᠰᠡᠬᠦ ᠴᠤᠬᠯᠠᠭᠠᠨ ᠢ 20 ᠲᠠᠯᠠᠪᠠᠢ ᠡᠷᠬᠢᠯᠡᠵᠦ᠂ 5.3 ᠲᠥᠮᠡᠨ ᠠᠵᠢᠯ ᠤᠨ ᠪᠠᠶᠢᠷᠢ ᠬᠠᠩᠭᠠᠵᠤ᠂ 1.7 ᠲᠥᠮᠡᠨ ᠬᠥᠮᠥᠨ ᠬᠡᠷᠡᠭᠯᠡᠬᠦ ᠨᠢᠭᠡᠴᠡ ᠪᠠ ᠠᠵᠤ ᠠᠬᠤᠶᠢᠯᠠᠯ ᠲᠠᠢ ᠰᠠᠨᠠᠮᠵᠢ ᠶᠢᠨ ᠪᠢᠴᠢᠭ ᠲᠤᠬᠳᠠᠪᠠ᠃ ᠤᠷᠤᠨ ᠤ ᠳᠤᠳᠤᠨ᠎ᠠ ᠭᠠᠳᠠᠨᠠᠬᠢ ᠬᠥᠳᠡᠯᠮᠥᠷᠢ ᠬᠥᠴᠥᠨ ᠤ ᠵᠠᠬ᠎ᠠ ᠳᠡᠯᠭᠡᠭᠦᠷ ᠲᠠᠢ ᠢᠳᠡᠪᠬᠢᠲᠠᠢ ᠬᠤᠯᠪᠤᠭ᠎ᠠ ᠪᠠᠷᠢᠵᠤ᠂ ᠠᠵᠢᠯ ᠤᠯᠭᠤᠬᠤ ᠶᠢ ᠵᠢᠯᠤᠭᠤᠳᠬᠤ᠂ ᠠᠵᠢᠯ ᠤᠨ ᠳᠠᠨᠢᠯᠴᠠᠭᠤᠯᠭ᠎ᠠ ᠬᠢᠬᠦ᠂ ᠮᠡᠳᠡᠯᠭᠡ ᠴᠢᠳᠠᠪᠥᠷᠢ ᠶᠢᠨ ᠪᠣᠯᠪᠠᠰᠤᠷᠠᠭᠤᠯᠤᠯ ᠬᠢᠬᠦ ᠵᠡᠷᠭᠡ ᠥᠢᠯᠡᠴᠢᠯᠡᠭᠡ ᠪᠠᠷ ᠳᠠᠮᠵᠢᠨ 8 ᠤᠷᠤᠨ ᠤ ᠳᠡᠰ ᠤᠨ ᠬᠥᠳᠡᠯᠮᠥᠷᠢ ᠬᠥᠴᠥᠨ ᠤ ᠲᠥᠷᠥᠯ ᠳᠡᠮᠳᠡᠭ ᠢ ᠬᠥᠮᠥᠵᠢᠭᠦᠯᠵᠤ᠂ ᠮᠠᠯᠴᠢᠨ ᠲᠠᠷᠢᠶᠠᠴᠢᠨ ᠢ ᠰᠢᠯᠵᠢᠭᠦᠯᠥᠨ ᠠᠵᠢᠯ ᠤᠯᠭᠤᠬᠤ ᠶᠢ ᠠᠬᠢᠭᠤᠯᠤᠨ ᠵᠢᠯᠤᠭᠤᠳᠴᠥ᠂ 41.7 ᠲᠥᠮᠡᠨ ᠮᠠᠯᠴᠢᠨ ᠲᠠᠷᠢᠶᠠᠴᠢᠨ ᠳᠤ ᠠᠵᠢᠯ ᠤᠯᠭᠤᠬᠤ ᠶᠢ ᠪᠡᠶᠡᠯᠡᠭᠦᠯᠥᠭᠰᠡᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号