ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠢᠵᠦ ︽ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ ᠤᠬᠠᠭᠤᠯᠤᠨ ᠲᠤᠤᠱᠯᠠᠭᠤᠯᠬᠤ ᠲᠤᠬᠠᠢ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶ᠎ᠠ ᠶᠢᠨ ᠲᠤᠬᠳᠠᠭᠠᠯ︾᠎ ᠢ ᠤᠯᠠᠮᠵᠢᠯᠠᠨ ᠰᠤᠷᠤᠯᠴᠠᠵᠤ ᠲᠤᠤᠱᠯᠠᠭᠤᠯᠪᠠ
ᠨᠡᠶᠢᠲᠡᠯᠡᠭᠰᠡᠨ ᠴᠠᠭ᠄
2017/11/6
      11 ᠳ᠋ᠦ᠋ᠭᠡᠷ ᠰᠠᠷ᠎ᠠ ᠶᠢᠨ 5᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠢᠵᠦ᠂ ︽ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ ᠤᠬᠠᠭᠤᠯᠤᠨ ᠲᠤᠤᠱᠯᠠᠭᠤᠯᠬᠤ ᠲᠤᠬᠠᠢ ᠲᠤᠮᠳᠠᠳᠤ ᠤᠯᠤᠰ ᠤᠨ ᠡᠪ ᠬᠠᠮᠳᠤ ᠨᠠᠮ ᠎ ᠤᠨ ᠲᠦᠪ ᠬᠤᠷᠢᠶ᠎ᠠ ᠶᠢᠨ ᠲᠤᠬᠳᠠᠭᠠᠯ︾᠎ ᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠡᠶᠢᠳᠡᠪᠦᠷᠢᠵᠢᠭᠤᠯᠬᠤ ᠠᠵᠢᠯ ᠢ ᠰᠤᠳᠤᠯᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠬᠤᠷᠠᠯ ᠢ ᠡᠷᠬᠢᠯᠡᠪᠡ᠃      ᠬᠤᠷᠠᠯ ᠠᠴᠠ᠂ ︽ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ ᠤᠬᠠᠭᠤᠯᠤᠨ ᠲᠤᠤᠱᠯᠠᠭᠤᠯᠬᠤ ᠲᠤᠬᠠᠢ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶ᠎ᠠ ᠶᠢᠨ ᠲᠤᠬᠳᠠᠭᠠᠯ︾᠎ ᠳᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠵᠣ ᠤᠬᠠᠭᠤᠯᠣᠨ ᠲᠤᠤᠱᠯᠠᠭᠤᠯᠬᠤ ᠶᠢᠨ ᠴᠢᠬᠤᠯᠠ ᠠᠴᠢ ᠬᠤᠯᠪᠣᠭᠳᠠᠯ ᠢ ᠬᠦᠨᠵᠡᠭᠡᠢ ᠦᠭᠦᠯᠡᠨ ᠳᠣᠭᠠᠴᠢᠵᠣ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢᠨ ᠪᠠᠶᠠᠯᠢᠭ ᠠᠭᠤᠯᠬᠤᠨ ᠪᠠ ᠣᠬᠢ ᠱᠦᠯᠳᠦ ᠴᠢᠬᠤᠯᠠ ᠣᠳᠬ᠎ᠠ ᠶᠢ ᠬᠦᠨᠵᠡᠭᠡᠢ ᠳᠠᠶᠢᠯᠪᠣᠷᠢᠯᠠᠵᠣ᠂ ᠰᠤᠷᠤᠯᠴᠠᠨ ᠤᠬᠠᠭᠤᠯᠵᠤ ᠲᠤᠤᠱᠯᠠᠭᠤᠯᠬᠤ ᠠᠵᠢᠯ ᠢ ᠦᠷᠨᠢᠭᠦᠯᠭᠦ ᠳᠤ ᠲᠤᠳᠤᠷᠬᠠᠢ ᠱᠠᠭᠠᠷᠳᠠᠯᠭ᠎ᠠ ᠲᠤᠷᠠᠳᠴᠤ᠂ ᠪᠢᠳᠡᠡ ᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠠᠶᠢᠳᠤᠷ ᠰᠤᠷᠤᠯᠴᠠᠨ ᠤᠬᠠᠭᠤᠯᠵᠤ᠂ ᠰᠠᠶᠢᠳᠤᠷ ᠲᠤᠤᠱᠯᠠᠭᠤᠯᠤᠨ ᠨᠡᠶᠢᠳᠡᠪᠦᠷᠢᠵᠢᠭᠤᠯᠬᠤ ᠳᠤ ᠦᠨᠳᠦᠰᠦᠨ ᠵᠢᠷᠤᠮᠯᠠᠯ ᠬᠠᠩᠭᠠᠪᠠ ᠬᠡᠵᠤ ᠵᠢᠭᠠᠵᠤ ᠭᠠᠷᠭᠠᠪᠠ᠃      ᠬᠤᠷᠠᠯ ᠠᠴᠠ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠮᠵᠢᠯᠳᠠ ᠲᠠᠢ ᠲᠡᠭᠦᠰᠦᠭᠰᠡᠨ ᠤ ᠲᠠᠷᠠᠭ᠎ᠠ᠂ ᠪᠦᠬᠦ ᠤᠷᠤᠨ ᠤ ᠡᠯ᠎ᠠ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠨᠠᠮ ᠤᠨ ᠲᠦᠪ ᠬᠤᠷᠢᠶ᠎ᠠ ᠶᠢᠨ ᠱᠠᠭᠠᠷᠳᠠᠯᠭ᠎ᠠ ᠶᠤᠰᠤᠭᠠᠷ᠂ ᠢᠳᠡᠪᠬᠢᠳᠡᠢ ᠬᠦᠳᠡᠯᠦᠯᠴᠡᠨ᠂ ᠨᠠᠷᠢᠯᠢᠭ ᠵᠤᠬᠢᠶᠠᠨ ᠪᠠᠶᠢᠭᠤᠯᠵᠣ᠂ ᠯᠠᠪᠳᠠᠭᠤᠨ ᠪᠠᠳᠤᠳᠠᠢ ᠠᠬᠢᠭᠤᠯᠵᠤ᠂ ᠲᠠᠷᠤᠢ ᠲᠦᠷᠭᠡᠨ ᠢᠶᠠᠷ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠬᠠᠯᠠᠭᠤᠨ ᠦᠷᠨᠢᠯᠳᠡ ᠭᠠᠷᠭᠠᠪᠠ᠃ ᠡᠯ᠎ᠠ ᠱᠠᠳᠤᠨ ᠤ ᠨᠠᠮ ᠤᠨ ᠵᠣᠬᠢᠶᠠᠨ ᠪᠠᠶᠢᠭᠤᠯᠤᠯᠳᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠵᠣ ᠤᠬᠠᠭᠤᠯᠣᠨ ᠲᠤᠤᠱᠯᠠᠭᠤᠯᠬᠤ ᠶᠢ ᠤᠳᠤᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠤᠯᠭᠠᠵᠤ᠂ ᠡᠮᠦᠨ᠎ᠡ ᠨᠢᠭᠡ ᠬᠤᠭᠤᠴᠠᠭᠠᠨ ᠤ ᠠᠵᠢᠯ ᠤᠨ ᠢᠶᠠᠨ ᠰᠠᠭᠤᠷᠢᠨ ᠲᠡᠭᠡᠷ᠎ᠠ᠂ ᠰᠤᠷᠤᠯᠴᠠᠨ ᠮᠡᠳᠡᠭᠦ ᠨᠡᠪᠳᠡᠷᠡᠳᠡᠯ᠎ᠠ ᠤᠶᠢᠯᠠᠭᠠᠬᠤ ᠪᠤᠳᠠᠳᠠᠶᠢᠵᠢᠭᠤᠯᠬᠤ ᠲᠡᠭᠡᠷ᠎ᠠ ᠬᠦᠴᠦ ᠲᠠᠯᠪᠢᠬᠤ ᠱᠠᠭᠠᠷᠳᠠᠯᠭ᠎ᠠ ᠶᠢ ᠪᠠᠳᠤ ᠡᠵᠡᠮᠰᠢᠵᠤ᠂ ︽ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ ᠤᠬᠠᠭᠤᠯᠤᠨ ᠲᠤᠤᠱᠯᠠᠭᠤᠯᠬᠤ ᠲᠤᠬᠠᠢ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶ᠎ᠠ ᠶᠢᠨ ᠲᠤᠬᠳᠠᠭᠠᠯ︾᠎ ᠳᠤ ᠲᠤᠷᠠᠳᠤᠬᠰᠠᠨ ᠡᠯ᠎ᠠ ᠵᠦᠢᠯ ᠤᠨ ᠪᠠᠶᠢᠷᠢᠯᠠᠭᠤᠯᠤᠯᠳᠠ ᠱᠠᠭᠠᠷᠳᠠᠯᠭ᠎ᠠ ᠶᠢ ᠬᠢᠨᠠᠮᠠᠭᠠᠢ ᠨᠡᠶᠢᠳᠡᠪᠦᠷᠢᠵᠢᠭᠤᠯᠵᠤ᠂ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠱᠠᠯᠠᠪᠳᠠᠭᠤᠯᠤᠨ ᠪᠠᠶᠢᠴᠠᠭᠠᠵᠦ ᠵᠢᠭᠠᠨ ᠵᠢᠯᠤᠭᠤᠳᠬᠤ ᠠᠵᠢᠯ ᠢᠶᠠᠨ ᠴᠢᠩᠭᠠᠳᠬᠠᠵᠤ᠂ ᠴᠢᠷᠮᠠᠶᠢᠬᠰᠠᠨ ᠲᠡᠭᠡᠷ᠎ᠠ ᠪᠠᠨ ᠴᠢᠷᠮᠠᠶᠢᠨ᠂ ᠦᠷᠭᠦᠯᠵᠢᠯᠡᠨ ᠬᠦᠴᠦᠯᠡᠵᠤ᠂ ᠰᠤᠷᠤᠯᠴᠠᠵᠤ ᠤᠬᠠᠭᠤᠯᠣᠨ ᠲᠤᠤᠱᠯᠠᠭᠤᠯᠬᠤ ᠠᠵᠢᠯ ᠢ ᠲᠠᠰᠤᠷᠠᠯᠳᠠ ᠦᠭᠡᠢ ᠬᠦᠨᠵᠡᠭᠡᠶᠢᠷᠡᠭᠦᠯᠬᠦ ᠬᠡᠷᠡᠭᠳᠡᠢ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠤᠯᠤᠬᠰᠠᠨ ᠠᠯᠢ ᠣᠯᠠᠨ ᠴᠢᠬᠤᠯᠠ ᠶᠡᠭᠡ ᠤᠯᠤᠰ ᠲᠦᠷᠦ ᠶᠢᠨ ᠦᠷ᠎ᠠ ᠪᠦᠳᠦᠭᠡᠯ᠂ ᠤᠨᠤᠯ ᠤᠨ ᠦᠷ᠎ᠠ ᠪᠦᠳᠦᠭᠡᠯ᠂ ᠦᠢᠯᠡᠳᠦᠯᠭᠡ ᠶᠢᠨ ᠦᠷ᠎ᠠ ᠪᠦᠳᠦᠭᠡᠯ ᠢ ᠨᠡᠩ ᠬᠦᠨᠵᠡᠭᠡᠢ ᠤᠶᠢᠯᠠᠭᠠᠨ ᠡᠵᠡᠮᠰᠢᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠵᠣ ᠤᠬᠠᠭᠤᠯᠣᠨ ᠲᠤᠤᠱᠯᠠᠭᠤᠯᠬᠤ ᠶᠢᠨ ᠴᠢᠬᠤᠯᠠ ᠶᠡᠭᠡ ᠠᠴᠢ ᠬᠤᠯᠪᠤᠬᠳᠠᠯ ᠤᠨ ᠲᠤᠬᠠᠢ ᠲᠠᠨᠢᠯᠳᠠ ᠶᠢᠨ ᠲᠠᠯ᠎ᠠ ᠪᠠᠷ ᠰᠢᠨ᠎ᠠ ᠲᠡᠭᠡᠭᠰᠢᠯᠡᠯᠳᠡ ᠲᠠᠢ ᠪᠤᠯᠬᠤ ᠬᠡᠷᠡᠭᠳᠡᠢ᠃ ︽ᠠᠷᠪᠠᠨ ᠬᠦᠨᠵᠡᠭᠡᠢ ᠤᠶᠢᠯᠠᠭᠠᠬᠤ︾᠎ ᠶᠢᠨ ᠪᠠᠶᠠᠯᠢᠭ ᠠᠭᠤᠯᠬᠤᠨ ᠢ ᠨᠡᠩ ᠬᠦᠨᠵᠡᠭᠡᠢ ᠤᠶᠢᠯᠠᠭᠠᠨ ᠡᠵᠡᠮᠰᠢᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢᠨ ᠲᠤᠳᠤᠭᠠᠳᠤ ᠠᠭᠤᠯᠬᠤᠨ ᠴᠢᠬᠤᠯᠠ ᠣᠳᠬ᠎ᠠ ᠶᠢ ᠬᠦᠨᠵᠡᠭᠡᠢ ᠰᠤᠷᠤᠯᠴᠠᠨ ᠨᠡᠪᠳᠡᠷᠡᠳᠡᠯ᠎ᠠ ᠤᠶᠢᠯᠠᠭᠠᠬᠤ ᠲᠠᠯ᠎ᠠ ᠪᠠᠷ ᠰᠢᠨ᠎ᠠ ᠲᠡᠭᠡᠭᠰᠢᠯᠡᠯᠳᠡ ᠲᠠᠢ ᠪᠤᠯᠬᠤ ᠬᠡᠷᠡᠭᠳᠡᠢ᠃ ︽ᠵᠢᠷᠭᠤᠭᠠᠨ ᠠᠩᠬᠠᠷᠤᠯ ᠢᠶᠠᠨ ᠲᠦᠪᠯᠡᠷᠡᠭᠦᠯᠭᠦ︾ ᠴᠢᠬᠤᠯᠠ ᠱᠠᠭᠠᠷᠳᠠᠯᠭ᠎ᠠ ᠶᠢ ᠨᠡᠩ ᠬᠦᠨᠵᠡᠭᠡᠢ ᠤᠶᠢᠯᠠᠭᠠᠨ ᠡᠵᠡᠮᠰᠢᠵᠤ᠂ ᠰᠤᠷᠤᠯᠴᠠᠨ ᠪᠤᠯᠪᠠᠰᠤᠷᠠᠭᠤᠯᠬᠤ᠂ ᠲᠦᠪᠯᠡᠷᠡᠭᠦᠯᠦᠨ ᠤᠬᠠᠭᠤᠯᠤᠨ ᠲᠠᠶᠢᠯᠪᠤᠷᠢᠯᠠᠬᠤ᠂ ᠤᠬᠠᠭᠤᠯᠵᠣ ᠲᠠᠶᠢᠯᠪᠤᠷᠢᠯᠠᠯᠳᠠ ᠬᠢᠭᠦ ᠠᠵᠢᠯ ᠢ ᠨᠢᠭᠡᠳᠦᠯᠳᠡᠢ ᠲᠦᠯᠦᠪᠵᠢᠭᠦᠯᠦᠨ ᠰᠠᠶᠢᠳᠤᠷ ᠬᠢᠵᠤ᠂ ᠤᠬᠠᠭᠤᠯᠭ᠎ᠠ ᠬᠦᠮᠦᠵᠢᠯ ᠤᠨ ᠲᠠᠳᠠᠬᠤ ᠬᠦᠴᠦᠨ᠂ ᠨᠦᠯᠦᠭᠡᠯᠡᠭᠦ ᠬᠦᠴᠦᠨ ᠪᠠ ᠴᠢᠭᠯᠡᠭᠦᠯᠦᠯᠳᠦ ᠴᠢᠨᠠᠷ᠂ ᠪᠤᠳᠠᠳᠦ ᠦᠷ᠎ᠠ ᠪᠦᠳᠦᠮᠵᠢᠳᠦ ᠴᠢᠨᠠᠷ ᠢ ᠴᠢᠩᠭᠠᠷᠠᠭᠤᠯᠬᠤ ᠲᠠᠯ᠎ᠠ ᠪᠠᠷ ᠰᠢᠨ᠎ᠠ ᠲᠡᠭᠡᠭᠰᠢᠯᠡᠯᠳᠡ ᠲᠠᠢ ᠪᠤᠯᠬᠤ ᠬᠡᠷᠡᠭᠳᠡᠢ᠃ ᠤᠨᠤᠯ ᠢ ᠪᠤᠳᠠᠳᠠᠢ ᠲᠠᠢ ᠤᠶᠠᠯᠳᠤᠭᠤᠯᠬᠤ ᠰᠤᠷᠤᠯᠴᠠᠬᠤ ᠰᠤᠷᠳᠠᠯ ᠢ ᠪᠠᠳᠠᠷᠠᠭᠤᠯᠬᠤ ᠴᠢᠬᠤᠯᠠ ᠱᠠᠭᠠᠷᠳᠠᠯᠭ᠎ᠠ ᠶᠢ ᠨᠡᠩ ᠬᠦᠨᠵᠡᠭᠡᠢ ᠤᠶᠢᠯᠠᠭᠠᠨ ᠡᠵᠡᠮᠰᠢᠵᠤ᠂ ᠨᠠᠮ ᠤᠨ ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠬᠤ᠂ ᠦᠭᠡᠷᠡᠴᠢᠯᠡᠯᠳᠡ ᠬᠦᠭᠵᠢᠯᠳᠡ ᠶᠢ ᠠᠬᠢᠭᠤᠯᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠠᠯ᠎ᠠ ᠪᠠᠷ ᠰᠢᠨ᠎ᠠ ᠲᠡᠭᠡᠭᠰᠢᠯᠡᠯᠳᠡ ᠲᠠᠢ ᠪᠤᠯᠬᠤ ᠬᠡᠷᠡᠭᠳᠡᠢ᠃ ᠰᠤᠷᠤᠯᠴᠠᠵᠣ ᠤᠬᠠᠭᠤᠯᠣᠨ ᠲᠤᠤᠱᠯᠠᠭᠤᠯᠬᠤ ᠠᠵᠢᠯ ᠢ ᠯᠠᠪᠳᠠᠭᠤᠨ ᠪᠠᠳᠤᠳᠠᠢ ᠬᠦᠨᠵᠡᠭᠡᠢ ᠰᠠᠶᠢᠳᠤᠷ ᠠᠳᠬᠤᠬᠤ ᠪᠠᠷ ᠲᠠᠮᠵᠢᠭᠤᠯᠤᠨ᠂ ᠦᠷᠭᠡᠨ ᠤᠯᠠᠨ ᠨᠠᠮ ᠤᠨ ᠬᠡᠰᠢᠭᠦᠨ ᠺᠠᠳ᠋ᠷ ᠤᠯᠠᠨ ᠲᠦᠮᠡᠨ ᠤ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠶᠢ ᠦᠨᠡᠨᠭᠦ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠲᠡᠭᠡᠷ᠎ᠠ ᠨᠢᠭᠡᠳᠭᠡᠵᠤ᠂ ᠤᠶᠤᠨ ᠤᠬᠠᠭᠠᠨ ᠪᠤᠯᠤᠨ ᠬᠦᠴᠦᠨ ᠴᠢᠳᠠᠯ ᠢ ᠨᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠲᠤᠬᠳᠠᠭᠠᠬᠰᠠᠨ ᠡᠯ᠎ᠠ ᠵᠦᠢᠯ ᠤᠨ ᠬᠠᠷᠠᠯᠳᠡ ᠡᠭᠦᠷᠭᠡ ᠲᠡᠭᠡᠷ᠎ᠠ ᠨᠢᠭᠳᠠᠷᠠᠭᠤᠯᠵᠣ᠂ ︽ᠦᠵᠡᠰᠭᠦᠯᠡᠩᠳᠦ ᠰᠠᠶᠢᠬᠠᠨ ᠦᠪᠦᠷ ᠮᠤᠩᠭᠤᠯ ᠢᠶᠠᠨ ᠪᠦᠳᠦᠭᠡᠨ ᠪᠠᠶᠢᠭᠤᠯᠵᠤ ᠠᠭᠤᠤ ᠶᠡᠭᠡ ᠲᠤᠮᠳᠠᠳᠤ ᠶᠢᠨ ᠵᠡᠭᠦᠳᠦ ᠪᠠᠨ ᠬᠠᠮᠳᠤᠪᠡᠷ ᠲᠡᠷᠬᠡᠯᠰᠢᠭᠦᠯᠭᠦ︾ ᠬᠦᠴᠦᠷᠭᠡᠭ ᠶᠡᠭᠡ ᠬᠦᠴᠦᠨ ᠴᠢᠳᠠᠯ ᠢ ᠨᠢᠬᠳᠠᠷᠠᠭᠤᠯᠬᠤ ᠬᠡᠷᠡᠭᠳᠡᠢ ᠬᠡᠵᠤ ᠵᠢᠭᠠᠵᠤ ᠭᠠᠷᠭᠠᠪᠠ᠃      ᠬᠤᠷᠠᠯ ᠠᠴᠠ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠵᠣ ᠤᠬᠠᠭᠤᠯᠣᠨ ᠲᠤᠤᠱᠯᠠᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠤᠬᠠᠭᠤᠯᠬᠤ ᠬᠡᠯᠲᠡᠰ᠂ ᠨᠢᠭᠡᠲᠦᠮᠡᠯ ᠹᠷᠤᠨᠲ ᠤᠨ ᠬᠡᠯᠲᠡᠰ ᠤᠨ ᠬᠠᠮᠢᠶ᠎ᠠ ᠪᠦᠬᠦᠢ ᠠᠵᠢᠯ ᠤᠨ ᠲᠦᠰᠦᠯ ᠢ ᠰᠤᠳᠤᠯᠬᠤ ᠶᠢᠨ ᠬᠠᠮᠳᠤ ᠵᠠᠷᠴᠢᠮ ᠲᠡᠭᠡᠷ᠎ᠠ ᠪᠠᠨ ᠪᠠᠳᠤᠯᠠᠵᠤ᠂ ᠬᠠᠮᠢᠶ᠎ᠠ ᠪᠦᠬᠦᠢ ᠰᠠᠯᠠᠭ᠎ᠠ ᠮᠦᠴᠢᠷ ᠢ ᠲᠦᠰᠦᠯ ᠢ ᠬᠡᠷᠡᠭᠵᠢᠭᠦᠯᠬᠦ ᠠᠵᠢᠯ ᠢ ᠨᠠᠷᠢᠨ ᠬᠢᠨᠠᠮᠠᠭᠠᠢ ᠰᠠᠶᠢᠳᠤᠷ ᠠᠳᠬᠤᠵᠤ᠂ ᠰᠤᠷᠤᠯᠴᠠᠵᠣ ᠤᠬᠠᠭᠤᠯᠣᠨ ᠲᠤᠤᠱᠯᠠᠭᠤᠯᠬᠤ ᠠᠵᠢᠯ ᠤᠨ ᠪᠤᠳᠠᠳᠤ ᠦᠷ᠎ᠠ ᠪᠦᠳᠦᠮᠵᠢ ᠤᠯᠬᠤ ᠶᠢ ᠠᠬᠢᠭᠤᠯᠬᠤ ᠬᠡᠷᠡᠭᠳᠡᠢ ᠬᠡᠵᠤ ᠱᠠᠭᠠᠷᠳᠠᠪᠠ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号