11 ᠳ᠋ᠤᠭᠡᠷ ᠰᠠᠷ᠎ᠠ ᠶᠢᠨ 3 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠵᠦᠪᠰᠢᠶᠡᠷᠡᠯ ᠢᠶᠠᠷ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ | ᠲᠢᠩᠬᠢᠮ ᠡᠳ᠋ ᠤᠨ ᠵᠠᠰᠠᠭ ᠤᠨ ᠶᠠᠮᠤᠨ ᠤ ᠤᠯᠤᠰ ᠤᠨ ᠵᠢᠭᠡᠯᠡᠯᠭᠡ ᠲᠠᠷᠬᠠᠭᠠᠬᠤ ᠳᠠᠭᠠᠭᠠᠴᠢᠯᠠᠯᠲᠠ ᠵᠠᠷᠯᠠᠵᠤ ᠬᠦᠯᠢᠶᠡᠬᠦ | ᠰᠢᠰᠲ᠋ᠧᠮ ᠢᠶᠠᠷ ᠳᠠᠮᠵᠢᠭᠤᠯᠤᠨ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠢᠭᠡᠯᠡᠯᠭᠡ ᠶᠢᠨ | ᠲᠡᠮᠳᠡᠭᠲᠦ ᠶᠢ ᠬᠠᠨᠳᠤᠯᠭ᠎ᠠ ᠲᠠᠢ ᠳᠠᠭᠠᠭᠠᠨ ᠪᠣᠷᠣᠯᠠᠭᠤᠯᠬᠤ ᠪᠦᠯᠬᠦᠮ ᠤᠨ ᠪᠦᠷᠢᠯᠳᠦᠬᠦᠨ ᠳᠤ ᠬᠠᠨᠳᠤᠭᠤᠯᠵᠤ᠂ ᠮᠠᠨ ᠤ | ᠣᠷᠣᠨ ᠤ ᠵᠠᠰᠠᠭ ᠤᠨ ᠣᠷᠳᠣᠨ ᠤ 2017 ᠣᠨ ᠤ ᠭᠤᠷᠪᠠᠳᠤᠭᠠᠷ ᠪᠦᠯᠦᠭ ᠵᠢᠭᠡᠯᠡᠯᠭᠡ ᠶᠢᠨ ᠲᠡᠮᠳᠡᠭᠲᠦ ᠶᠢ | ᠬᠠᠨᠳᠤᠯᠭ᠎ᠠ ᠲᠠᠢ ᠳᠠᠭᠠᠭᠠᠨ ᠪᠣᠷᠣᠯᠠᠭᠤᠯᠬᠤ ᠬᠡᠯᠪᠡᠷᠢ ᠪᠠᠷ 132 ᠳ᠋ᠦᠡᠭᠰᠢᠭᠤᠷ ᠭᠠᠷᠤᠶ ᠲᠥᠭᠦᠷᠢᠭ ᠲᠠᠷᠬᠠᠭᠠᠭᠰᠠᠨ | ᠪᠠᠶᠢᠨ᠎ᠠ᠃ | ᠲᠣᠰ ᠪᠦᠯᠦᠭ ᠵᠢᠭᠡᠯᠡᠯᠭᠡ ᠶᠢᠨ ᠲᠡᠮᠳᠡᠭᠲᠦ ᠳᠤ᠂ ᠡ᠊ᠩ ᠤᠨ ᠵᠢᠭᠡᠯᠡᠯᠭᠡ ᠶᠢᠨ ᠲᠡᠮᠳᠡᠭᠲᠦ 31.3762 | ᠳ᠋ᠦᠡᠭᠰᠢᠭᠤᠷ ᠲᠥᠭᠦᠷᠢᠭ ᠪᠤᠢ᠂ ᠡᠭᠦᠨ ᠳᠤ 3 ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠲᠡᠮᠳᠡᠭᠲᠦ 3.2062 | ᠳ᠋ᠦᠡᠭᠰᠢᠭᠤᠷ ᠲᠥᠭᠦᠷᠢᠭ᠂ 5 ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠲᠡᠮᠳᠡᠭᠲᠦ 9.39 ᠳ᠋ᠦᠩᠰᠢᠭᠤᠷ | ᠲᠥᠭᠦᠷᠢᠭ᠂ 7 ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠲᠡᠮᠳᠡᠭᠲᠦ 9.39 ᠳ᠋ᠦᠡᠭᠰᠢᠭᠤᠷ ᠲᠥᠭᠦᠷᠢᠭ᠂ 10 | ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠲᠡᠮᠳᠡᠭᠲᠦ 9.39 ᠳ᠋ᠦᠡᠭᠰᠢᠭᠤᠷ ᠲᠥᠭᠦᠷᠢᠭ ᠪᠠᠶᠢᠵᠤ᠂ | ᠳᠠᠭᠠᠭᠠᠴᠢᠯᠠᠯᠲᠠ ᠶᠢᠨ ᠨᠤᠷᠮ᠎ᠠ ᠨᠢ ᠲᠤᠰ ᠲᠤᠰ 4.29%᠂ 4.49%᠂ 4.54%᠂ 4.49% ᠪᠣᠯᠣᠨ᠎ᠠ︔ | ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ100.6686 ᠳ᠋ᠦᠡᠭᠰᠢᠭᠤᠷ ᠲᠥᠭᠦᠷᠢᠭ ᠪᠤᠢ᠂ ᠡᠭᠦᠨ ᠳᠤ 5 | ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠲᠡᠮᠳᠡᠭᠲᠦ 50.3343 ᠳ᠋ᠦᠡᠭᠰᠢᠭᠤᠷ ᠲᠥᠭᠦᠷᠢᠭ᠂ 10 ᠵᠢᠯ ᠤᠨ | ᠬᠤᠭᠤᠴᠠᠭ᠎ᠠ ᠲᠠᠢ ᠵᠢᠭᠡᠯᠡᠯᠭᠡ ᠶᠢᠨ ᠲᠡᠮᠳᠡᠭᠲᠦ 50.3343 ᠳ᠋ᠦᠡᠭᠰᠢᠭᠤᠷ ᠲᠥᠭᠦᠷᠢᠭ ᠪᠠᠶᠢᠵᠤ᠂ | ᠳᠠᠭᠠᠭᠠᠴᠢᠯᠠᠯᠲᠠ ᠶᠢᠨ ᠨᠤᠷᠮ᠎ᠠ ᠨᠢ ᠴᠦᠮ 4.49% ᠪᠤᠯᠤᠨ᠎ᠠ᠃ | ᠤᠶᠢᠯᠠᠭᠠᠭᠰᠠᠨ ᠢᠶᠠᠷ᠂ ᠲᠣᠰ ᠪᠦᠯᠦᠭ ᠵᠢᠭᠡᠯᠡᠯᠭᠡ ᠶᠢᠨ ᠲᠡᠮᠳᠡᠭᠲᠦ ᠶᠢ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠲᠥᠰᠦᠪ ᠤᠨ ᠬᠠᠤᠯᠢ︾ ᠪᠣᠯᠤᠨ ︽2017 ᠣᠨ ᠤ ᠭᠠᠵᠠᠷ ᠣᠷᠣᠨ ᠬᠤᠪᠢᠶᠠᠭᠰᠠᠨ ᠣᠷᠣᠨ | ᠨᠤᠲᠤᠭ ᠤᠨ ᠵᠠᠰᠠᠭ ᠤᠨ ᠣᠷᠳᠣᠨ ᠤ ᠦᠷᠢ ᠥᠭᠴᠡᠭᠡ ᠶᠢᠨ ᠬᠢᠵᠠᠭᠠᠷ ᠲᠤᠭ᠎ᠠ ᠶᠢᠨ ᠲᠤᠬᠠᠢ ᠡᠳ᠋ ᠤᠨ ᠵᠠᠰᠠᠭ ᠤᠨ | ᠶᠠᠮᠤᠨ ᠠᠴᠠ ᠪᠠᠭᠤᠯᠭᠠᠭᠰᠠᠨ ᠮᠡᠳᠡᠭᠳᠡᠯ︾ ᠶᠤᠰᠤᠭᠠᠷ ᠲᠠᠷᠬᠠᠭᠠᠵᠤ᠂ ᠭᠤᠣᠯᠳᠠᠭᠤ ᠥᠪᠡᠷᠲᠡᠭᠡᠨ ᠵᠠᠰᠠᠬᠤ ᠣᠷᠣᠨ ᠤ | ᠡᠯ᠎ᠡ ᠱᠠᠲᠤᠨ ᠤ ᠵᠠᠰᠠᠭ ᠤᠨ ᠣᠷᠳᠣᠨ ᠤ ᠬᠤᠭᠤᠴᠠᠭ᠎ᠠ ᠨᠢ ᠲᠤᠯᠤᠭᠰᠠᠨ ᠪᠠᠩᠬᠢ ᠶᠢᠨ ᠲᠦᠷᠦᠯ ᠤᠨ ᠵᠠᠰᠠᠭ ᠤᠨ | ᠣᠷᠳᠣᠨ ᠤ ᠥᠷᠢ ᠥᠭᠴᠡᠭᠡ ᠶᠢ ᠰᠤᠯᠢᠬᠤ ᠳᠤ ᠬᠡᠷᠡᠭᠯᠡᠨ᠎ᠡ᠃ ᠲᠣᠰ ᠤᠳᠠᠭᠠᠨ ᠤ ᠲᠠᠷᠬᠠᠭᠠᠯᠲᠠ ᠳᠠᠭᠤᠰᠲᠠᠯ᠎ᠠ᠂ | ᠡᠨᠡ ᠵᠢᠯ ᠮᠠᠨ ᠤ ᠣᠷᠣᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ 1265.2 ᠳ᠋ᠦᠡᠭᠰᠢᠭᠤᠷ | ᠲᠥᠭᠦᠷᠢᠭ ᠲᠠᠷᠬᠠᠭᠠᠵᠤ᠂ ᠪᠦᠬᠦ ᠵᠢᠯ ᠤᠨ ᠲᠠᠷᠬᠠᠭᠠᠬᠤ ᠲᠥᠯᠥᠪᠯᠡᠭᠡ ᠶᠢᠨ ᠢᠶᠠᠨ 75.4% ᠶᠢ ᠪᠡᠶᠡᠯᠡᠬᠦᠯᠵᠤ᠂ | ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠴᠢᠬᠤᠯᠠ ᠲᠦᠰᠢᠭ ᠲᠤᠯᠭᠠᠭᠤᠷᠢ | ᠬᠠᠩᠭᠠᠭᠰᠠᠨ ᠪᠠᠶᠢᠨ᠎ᠠ᠃ |