ᠥᠨᠥᠬᠡᠨ᠂ ᠥᠪᠥᠷ ᠮᠣᠩᠭᠤᠯ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ︽ᠣᠷᠣᠨ ᠤ | ᠳᠣᠲᠣᠷᠠᠬᠢ ᠡᠩ ᠤᠨ ᠴᠠᠶᠢᠶ᠋ᠢᠦ ᠲᠣᠰᠣᠨ ᠤ ᠶᠠᠰᠤ ᠴᠢᠨᠠᠷ ᠢ ᠤᠯᠤᠰ ᠤᠨ v ᠪᠠᠷᠢᠮᠵᠢᠶ᠎ᠠ ᠶᠢᠨ ᠬᠤᠯᠪᠣᠭᠳᠠᠯ ᠪᠦᠬᠦᠢ | ᠦᠨ᠎ᠡ ᠬᠠᠩᠰᠢ ᠳᠤ ᠬᠦᠷᠲᠡᠯ᠎ᠡ ᠳᠡᠭᠡᠭᠰᠢᠯᠡᠭᠦᠯᠬᠦ ᠠᠰᠠᠭᠤᠳᠠᠯ ᠤᠨ ᠲᠤᠬᠠᠶ ᠮᠡᠳᠡᠭᠳᠡᠯ︾ ︵ᠳᠣᠷᠣᠭᠰᠢ ︽ᠮᠡᠳᠡᠭᠳᠡᠯ︾ | ᠭᠡᠵᠦ ᠲᠣᠪᠴᠢᠯᠠᠨ᠎ᠠ︶ ᠪᠠᠭᠤᠯᠭᠠᠵᠤ᠂ ︽ᠮᠡᠳᠡᠭᠳᠡᠯ︾ ᠳᠤ᠂ 11 ᠳ᠋ᠦ᠋ᠭᠡᠷ ᠰᠠᠷ᠎ᠠ ᠶᠢᠨ 1 ᠤ ᠡᠳᠦᠷ ᠤᠨ ᠲᠡᠭ | ᠴᠠᠭ ᠠᠴᠠ ᠡᠬᠢᠯᠡᠨ᠂ ᠥᠪᠥᠷ ᠮᠣᠩᠭᠤᠯ ᠤᠯᠤᠰ ᠤᠨ v ᠪᠠᠷᠢᠮᠵᠢᠶᠠᠲᠤ ᠡᠩ ᠤᠨ ᠴᠠᠶᠢᠶ᠋ᠢᠦ ᠲᠣᠰᠣ ᠶᠢ ᠪᠥᠬᠦ | ᠲᠠᠯ᠎ᠠ ᠪᠠᠷ ᠬᠠᠩᠭᠠᠬᠤ ᠶᠢᠨ ᠬᠠᠮᠲᠤ ᠤᠯᠤᠰ ᠤᠨ v ᠪᠠᠷᠢᠮᠵᠢᠶᠠᠲᠤ ᠡᠩ ᠤᠨ ᠴᠠᠶᠢᠶ᠋ᠢᠦ ᠲᠣᠰᠣᠨ ᠤ ᠦᠨ᠎ᠡ ᠶᠢ | ᠬᠡᠷᠡᠭᠵᠢᠭᠦᠯᠦᠨ᠎ᠡ ᠭᠡᠵᠦ ᠳᠤᠷᠠᠳᠴᠠᠢ᠃ | ᠲᠠᠨᠢᠯᠴᠠᠭᠤᠯᠤᠭᠰᠠᠨ ᠢᠶᠠᠷ᠂ 11 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ᠂ ᠥᠪᠥᠷ ᠮᠣᠩᠭᠤᠯ ᠤᠨ | ᠡᠯ᠎ᠡ ᠪᠣᠯᠪᠠᠰᠤᠷᠠᠭᠤᠯᠤᠭᠰᠠᠨ ᠲᠣᠰᠣᠨ ᠤ ᠦᠢᠯᠡᠳᠪᠦᠷᠢᠯᠡᠯ ᠡᠵᠡᠩᠨᠡᠯᠲᠡ ᠶᠢᠨ ᠠᠵᠤ ᠠᠬᠤᠶᠢᠯᠠᠯ ᠤᠳ ᠬᠦᠬᠦᠷ ᠤᠨ | ᠠᠭᠤᠯᠤᠭᠳᠠᠴᠠ ᠨᠢ 10PPM ᠠᠴᠠ ᠳᠤᠤᠷ᠎ᠠ ᠡᠩ ᠤᠨ ᠴᠠᠶᠢᠶ᠋ᠢᠦ ᠲᠣᠰᠣ ᠶᠢ ᠪᠥᠬᠦ ᠲᠠᠯ᠎ᠠ ᠪᠠᠷ ᠬᠠᠩᠭᠠᠬᠤ ᠶᠢᠨ | ᠬᠠᠮᠲᠤ ᠬᠦᠬᠦᠷ ᠤᠨ ᠠᠭᠤᠯᠤᠭᠳᠠᠴᠠ ᠨᠢ 10PPM ᠠᠴᠠ ᠥᠨᠳᠥᠷ ᠡᠩ ᠤᠨ ᠴᠠᠶᠢᠶ᠋ᠢᠦ | ᠲᠤᠰᠤ ᠪᠣᠷᠣᠯᠠᠭᠤᠯᠬᠤ ᠶᠢ ᠵᠣᠭᠰᠣᠭᠠᠵᠡᠢ᠃ ︽ᠮᠡᠳᠡᠭᠳᠡᠯ︾ ᠳᠤ ᠲᠣᠳᠣᠷᠬᠠᠶᠢᠯᠠᠭᠰᠠᠨ ᠢᠶᠠᠷ᠂ ︽ᠣᠷᠣᠨ ᠤ | ᠳᠣᠲᠣᠷᠠᠬᠢ ᠡᠩ ᠤᠨ ᠴᠠᠶᠢᠶ᠋ᠢᠦ ᠲᠣᠰᠣᠨ ᠤ ᠶᠠᠰᠤ ᠴᠢᠨᠠᠷ ᠢ ᠤᠯᠤᠰ ᠤᠨ v ᠪᠠᠷᠢᠮᠵᠢᠶ᠎ᠠ ᠶᠢᠨ ᠬᠤᠯᠪᠣᠭᠳᠠᠯ ᠪᠦᠬᠦᠢ | ᠦᠨ᠎ᠡ ᠬᠠᠩᠰᠢ ᠳᠤ ᠬᠦᠷᠲᠡᠯ᠎ᠡ ᠳᠡᠭᠡᠭᠰᠢᠯᠡᠭᠦᠯᠬᠦ ᠠᠰᠠᠭᠤᠳᠠᠯ ᠤᠨ ᠲᠤᠬᠠᠶ ᠮᠡᠳᠡᠭᠳᠡᠯ︾ ᠤᠨ ᠠᠭᠤᠯᠭ᠎ᠠ ᠶᠢ | ᠦᠨᠳᠦᠰᠦᠯᠡᠨ᠂ ᠥᠪᠡᠷ ᠤᠨ ᠦᠷᠳᠡᠭ ᠢ ᠨᠢ ᠵᠣᠬᠢᠰᠲᠠᠶ ᠨᠥᠬᠦᠪᠦᠷᠢᠯᠡᠬᠦ᠂ ᠴᠢᠨᠠᠷ ᠰᠠᠶᠢᠲᠠᠶ ᠳᠤᠨᠢ ᠰᠠᠶᠢᠨ ᠬᠠᠩᠰᠢ | ᠲᠣᠭᠲᠠᠭᠠᠬᠤ ᠪᠠ ᠪᠣᠬᠢᠷᠲᠤᠭᠤᠯᠤᠭᠴᠢ ᠵᠠᠷᠤᠳᠠᠯ ᠲᠤᠰᠢᠶᠠᠬᠤ ᠵᠠᠷᠴᠢᠮ ᠶᠣᠰᠣᠭᠠᠷ᠂ ᠠᠵᠤ ᠠᠬᠤᠶᠢᠯᠠᠯ ᠨᠢ ᠳᠡᠰ | ᠲᠡᠪᠰᠢᠭᠦᠯᠦᠭᠰᠡᠨ ᠬᠡᠰᠡᠭ ᠥᠪᠡᠷ ᠤᠨ ᠦᠷᠳᠡᠭ ᠢ ᠵᠣᠬᠢᠰᠲᠠᠶ ᠰᠢᠩᠭᠡᠭᠡᠭᠰᠡᠨ ᠤ ᠰᠠᠭᠤᠷᠢᠨ ᠳᠡᠭᠡᠷ᠎ᠡ᠂ ᠲᠡᠷᠭᠡᠨ ᠳᠤ | ᠬᠡᠷᠡᠭᠯᠡᠬᠦ ᠴᠠᠶᠢᠶ᠋ᠢᠦ ᠲᠣᠰᠣᠨ ᠤ ᠶᠠᠰᠤ ᠴᠢᠨᠠᠷ ᠤᠨ ᠪᠠᠷᠢᠮᠵᠢᠶ᠎ᠠ ᠶᠢ ᠳᠥᠷᠪᠡᠳᠦᠭᠡᠷ ᠲᠡᠰ ᠠᠴᠠ ᠨᠢ ᠲᠠᠪᠤᠳᠤᠭᠠᠷ ᠲᠡᠰ | ᠪᠣᠯᠲᠠᠯ᠎ᠠ ᠳᠡᠪᠰᠢᠭᠦᠯᠵᠦ ᠲᠣᠨ ᠪᠦᠷᠢ ᠳᠤ 160 ᠲᠥᠭᠦᠷᠢᠭ ᠨᠡᠮᠡᠨ᠎ᠠ᠃ ᠡᠩ ᠤᠨ ᠴᠠᠶᠢᠶ᠋ᠢᠦ ᠲᠣᠰᠣᠨ ᠤ | ᠦᠨ᠎ᠡ ᠬᠠᠩᠰᠢ ᠶᠢ ᠲᠡᠷᠭᠡᠨ ᠳᠤ ᠬᠡᠷᠡᠭᠯᠡᠬᠦ ᠠᠳᠠᠯᠢ ᠪᠠᠷᠢᠮᠵᠢᠶᠠᠲᠤ ᠴᠠᠶᠢᠶ᠋ᠢᠦ ᠲᠣᠰᠣᠨ ᠤ ᠦᠨ᠎ᠡ ᠬᠠᠩᠰᠢ ᠪᠠᠷ | ᠯᠠᠪᠯᠠᠯᠲᠠ ᠪᠣᠯᠭᠠᠵᠤ ᠬᠡᠷᠡᠭᠵᠢᠭᠦᠯᠦᠨ᠎ᠡ᠃ | ᠡᠭᠦᠨ ᠠᠴᠠ ᠭᠠᠳᠠᠨ᠎ᠠ᠂ ᠥᠪᠥᠷ ᠮᠣᠩᠭᠤᠯ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ | ᠱᠠᠭᠠᠷᠳᠠᠭᠰᠠᠨ ᠨᠢ᠂ ᠥᠪᠥᠷ ᠮᠣᠩᠭᠤᠯ ᠤᠨ ᠡᠯ᠎ᠡ ᠱᠠᠲᠤᠨ ᠤ ᠦᠨ᠎ᠡ ᠬᠠᠩᠰᠢ ᠶᠢᠨ ᠭᠤᠣᠯᠯᠠᠨ ᠬᠠᠮᠢᠶᠠᠷᠬᠤ ᠰᠠᠯᠠᠭ᠎ᠠ | ᠮᠥᠴᠢᠷ ᠤᠳ ᠪᠣᠯᠪᠠᠰᠤᠷᠠᠭᠤᠯᠤᠭᠰᠠᠨ ᠲᠤᠰᠤᠨ ᠤ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠬᠢᠨᠠᠨ ᠬᠡᠮᠵᠢᠯᠲᠡ ᠪᠠ | ᠬᠢᠨᠠᠠ ᠪᠠᠶᠢᠴᠠᠭᠠᠯᠲᠡ ᠶᠢ ᠴᠠᠭ ᠲᠤᠬᠠᠶ ᠳᠤᠨᠢ ᠥᠷᠨᠢᠭᠦᠯᠵᠦ᠂ ᠪᠣᠯᠪᠠᠰᠤᠷᠠᠭᠤᠯᠤᠭᠰᠠᠨ ᠲᠤᠰᠤ ᠡᠵᠡᠩᠨᠡᠬᠦ ᠠᠵᠤ | ᠠᠬᠤᠶᠢᠯᠠᠯ ᠤᠨ ᠴᠢᠨᠠᠷ ᠪᠠ ᠦᠨ᠎ᠡ ᠬᠠᠩᠰᠢ ᠨᠢ ᠥᠯᠥ ᠨᠡᠶᠢᠴᠡᠬᠦ᠂ ᠦᠨ᠎ᠡ ᠬᠠᠩᠰᠢ ᠪᠠᠷ ᠮᠡᠬᠡᠯᠡᠬᠦ ᠵᠡᠷᠭᠡ | ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠡᠷᠡᠭᠯᠡᠭᠴᠢᠳ ᠤᠨ ᠡᠷᠬᠡ ᠠᠰᠢᠭ ᠢ | ᠦᠨᠡᠨ ᠬᠦ ᠬᠠᠮᠠᠭᠠᠯᠠᠵᠤ᠂ ᠡᠩ ᠤᠨ ᠴᠠᠶᠢᠶ᠋ᠢᠦ ᠲᠣᠰᠣ ᠶᠢ ᠳᠡᠰ ᠳᠡᠪᠰᠢᠭᠦᠯᠦᠨ ᠦᠨ᠎ᠡ ᠥᠰᠬᠡᠬᠦ ᠠᠵᠢᠯ ᠢ | ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠢ᠃ |