ᠡᠨᠡ ᠵᠢᠯ ᠮᠠᠨ ᠣᠷᠣᠨ ᠤ ᠶᠡᠭᠡ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠬᠤᠪᠢ ᠨᠡᠮᠡᠬᠦ | ᠲᠥᠷᠥ ᠶᠢᠨ ᠪᠣᠳᠣᠯᠭ᠎ᠠ ᠳᠤ ᠪᠠᠭ᠎ᠠ ᠲᠤᠬᠢᠷᠠᠭᠤᠯᠭ᠎ᠠ ᠬᠢᠪᠡ᠂ ᠬᠤᠯᠪᠣᠭᠳᠠᠯ ᠪᠦᠬᠦᠢ ᠲᠣᠭᠲᠠᠭᠠᠯ ᠢᠶᠠᠷ ᠪᠤᠯ᠂ 2018 | ᠣᠨ ᠠᠴᠠ ᠡᠬᠢᠯᠡᠨ᠂ ᠪᠤᠢ ᠪᠦᠬᠦᠢ ᠰᠢᠯᠭᠠᠭᠤᠯᠤᠭᠴᠢ ᠶᠢᠨ ᠶᠡᠭᠡ ᠳᠡᠭᠡᠳᠦ ᠰᠤᠷᠭᠠᠭᠤᠯᠢ ᠳᠤ ᠰᠢᠯᠭᠠᠬᠤ | ᠰᠢᠯᠭᠠᠯᠲᠠ ᠶᠢᠨ ᠨᠡᠮᠡᠬᠦ ᠬᠤᠪᠢ ᠶᠢ ᠳᠠᠬᠢᠨ ᠨᠡᠶᠢᠯᠡᠭᠦᠯᠵᠦ ᠪᠤᠳᠤᠬᠤ ᠦᠭᠡᠢ᠃ ᠡᠭᠦᠨ ᠠᠴᠠ ᠭᠠᠳᠠᠨ᠎ᠠ᠂ 2018 | ᠣᠨ ᠠᠴᠠ ᠡᠬᠢᠯᠡᠨ᠂ ᠮᠠᠨ ᠤ ᠣᠷᠣᠨ ᠶᠡᠭᠡ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠳᠤ ᠪᠠᠰᠠ ᠬᠤᠪᠢ | ᠨᠡᠮᠡᠬᠦ 5 ᠲᠥᠷᠥᠯ ᠵᠦᠢᠯ ᠢ ᠬᠦᠴᠦᠨ ᠦᠭᠡᠶ ᠪᠤᠯᠭᠠᠪᠠ᠂ ᠡᠨᠡ ᠨᠢ ᠲᠤᠰ ᠲᠤᠰ ᠪᠡᠶ᠎ᠡ ᠶᠢᠨ ᠲᠠᠮᠢᠷ ᠤᠨ ᠬᠤᠪᠢ | ᠨᠡᠮᠡᠬᠦ ᠲᠥᠷᠥᠯ ᠵᠦᠶᠯ᠂ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠬᠢᠴᠢᠶᠡᠯ ᠲᠥᠷᠥᠯ ᠤᠨ ᠣᠯᠢᠮᠫᠢᠺ ᠤᠨ | ᠤᠷᠤᠯᠳᠤᠭᠠᠨ ᠤ ᠬᠤᠪᠢ ᠨᠡᠮᠡᠬᠦ ᠲᠥᠷᠥᠯ ᠵᠦᠶᠯ᠂ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠤᠨ | ᠤᠷᠤᠯᠳᠤᠭᠠᠨ ᠤ ᠬᠤᠪᠢ ᠨᠡᠮᠡᠬᠦ ᠲᠥᠷᠥᠯ ᠵᠦᠶᠯ᠂ ᠥᠪᠡᠷᠲᠡᠭᠡᠨ ᠵᠠᠰᠠᠬᠤ ᠣᠷᠣᠨ ᠤ ᠳᠡᠰ ᠤᠨ ᠰᠢᠯᠢᠳᠡᠭ | ᠰᠤᠷᠤᠭᠴᠢᠳ ᠤᠨ ᠬᠤᠪᠢ ᠨᠡᠮᠡᠬᠦ ᠲᠥᠷᠥᠯ ᠵᠦᠶᠯ᠂ ᠦᠵᠡᠯ ᠰᠠᠨᠠᠭ᠎ᠠ ᠤᠯᠤᠰ ᠲᠥᠷᠥ ᠶᠤᠰᠤ ᠮᠤᠷᠠᠯ ᠤᠨ | ᠳᠤᠪᠤᠶᠢᠮ᠎ᠠ ᠦᠢᠯᠡ ᠠᠵᠢᠯᠯᠠᠭ᠎ᠠ ᠶᠢᠨ ᠬᠤᠪᠢ ᠨᠡᠮᠡᠬᠦ ᠲᠥᠷᠥᠯ ᠵᠦᠶᠯ ᠵᠡᠷᠭᠡ ᠪᠤᠯᠤᠨ᠎ᠠ᠃ ᠬᠦᠴᠦᠨ ᠦᠭᠡᠶ | ᠪᠤᠯᠭᠠᠭᠰᠠᠨ ᠡᠨᠡ 5 ᠬᠤᠪᠢ ᠨᠡᠮᠡᠬᠦ ᠲᠦᠷᠦᠯ ᠵᠦᠢᠯ ᠢ ᠰᠢᠯᠭᠠᠭᠤᠯᠤᠭᠴᠢ ᠲᠠᠭᠯᠠᠨ ᠮᠡᠳᠡᠭᠦᠯᠬᠦ ᠴᠢᠬᠤᠯᠠ ᠦᠭᠡᠢ᠂ | ᠬᠤᠯᠪᠣᠭᠳᠠᠯ ᠪᠦᠬᠦᠢ ᠮᠠᠲ᠋ᠧᠷᠢᠶᠠᠯ ᠢ ᠲᠤᠰᠢᠶᠠᠬᠤ ᠬᠡᠷᠡᠭ ᠦᠭᠡᠢ᠃ | ᠮᠠᠨ ᠤ ᠣᠷᠣᠨ ᠤ ᠶᠡᠭᠡ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠬᠤᠪᠢ ᠨᠡᠮᠡᠬᠦ ᠲᠥᠷᠥ ᠶᠢᠨ | ᠪᠤᠳᠤᠯᠭ᠎ᠠ ᠪᠠᠷ ᠪᠤᠯ᠂ 2018 ᠣᠨ ᠤ ᠶᠡᠭᠡ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠳᠤ᠂ ᠴᠡᠷᠢᠭ ᠤᠨ | ᠠᠯᠪᠠ ᠬᠠᠭᠠᠬᠤ ᠬᠤᠭᠤᠴᠠᠭᠠᠨ ᠳᠠᠭᠠᠨ ᠬᠤᠶᠠᠳᠤᠭᠠᠷ ᠳᠡᠰ ︵ᠬᠤᠶᠠᠳᠤᠭᠠᠷ ᠳᠡᠰ ᠪᠠᠭᠲᠠᠨ᠎ᠠ︶ ᠠᠴᠠ ᠳᠡᠭᠡᠭᠰᠢᠬᠢ | ᠭᠠᠪᠢᠶ᠎ᠠ ᠪᠠᠶᠢᠭᠤᠯᠤᠭᠰᠠᠨ ᠪᠤᠶᠤ ᠲᠤᠮᠤ ᠴᠡᠷᠢᠭ ᠤᠨ ᠲᠣᠭᠤᠷᠢᠭ ︵ᠲᠤᠮᠤ ᠴᠡᠷᠢᠭ ᠤᠨ ᠲᠣᠭᠤᠷᠢᠭ ᠪᠠᠭᠲᠠᠨ᠎ᠠ︶ ᠠᠴᠠ | ᠳᠡᠭᠡᠭᠰᠢᠬᠢ ᠨᠢᠭᠡᠴᠡ ᠶᠢᠨ ᠢᠷᠠᠭᠤ ᠠᠯᠳᠠᠷ ᠤᠨ ᠴᠣᠯᠠ ᠶᠢ ᠭᠥᠷᠳᠡᠭᠰᠡᠨ ᠴᠡᠷᠢᠭ ᠠᠴᠠ ᠬᠠᠯᠠᠭᠳᠠᠭᠰᠠᠨ | ᠰᠢᠯᠭᠠᠭᠤᠯᠤᠭᠴᠢ᠂ ᠥᠪᠡᠷ ᠢᠶᠠᠨ ᠠᠵᠢᠯ ᠤᠯᠵᠤ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢ | ᠰᠢᠯᠭᠠᠭᠤᠯᠤᠭᠴᠢ᠂ ᠮᠣᠩᠭᠤᠯ ᠦᠨᠳᠦᠰᠦᠲᠡᠨ᠂ ᠳᠠᠭᠤᠷ ᠦᠨᠳᠦᠰᠦᠲᠡᠨ᠂ ᠣᠷᠴᠣᠨ ᠦᠨᠳᠦᠰᠦᠲᠡᠨ᠂ ᠡᠸᠡᠩᠬᠢ | ᠦᠨᠳᠦᠰᠦᠲᠡᠨ᠂ ᠣᠷᠣᠰ ᠦᠨᠳᠦᠰᠦᠲᠡᠨ ᠤ ᠰᠢᠯᠭᠠᠭᠤᠯᠤᠭᠰᠠᠳ᠂ ᠤᠯᠤᠰ ᠲᠠᠭᠠᠨ ᠪᠤᠴᠠᠭᠰᠠᠨ ᠳᠤᠮᠳᠠᠳᠤ ᠶᠢᠨ | ᠬᠠᠷᠢᠶᠠᠲᠤ᠂ ᠳᠤᠮᠳᠠᠳᠤ ᠶᠢᠨ ᠬᠠᠷᠢᠶᠠᠲᠤ ᠨᠠᠷ ᠤᠨ ᠦᠷ᠎ᠡ ᠬᠡᠦᠬᠡᠳ᠂ ᠤᠯᠤᠰ ᠲᠠᠭᠠᠨ ᠪᠤᠴᠠᠭᠰᠠᠨ ᠳᠤᠮᠳᠠᠳᠤ ᠶᠢᠨ | ᠬᠠᠷᠢᠶᠠᠲᠤ ᠨᠠᠷ ᠤᠨ ᠦᠷ᠎ᠡ ᠬᠡᠤᠬᠡᠳ ᠪᠠ ᠲᠠᠶᠢᠸᠠᠨ ᠮᠤᠵᠢ ᠶᠢᠨ ᠬᠠᠷᠢᠶ᠎ᠠ ᠪᠥᠬᠦᠶ ᠰᠢᠯᠭᠠᠭᠤᠯᠤᠭᠴᠢ᠂ ᠦᠷᠡᠭᠳᠡᠭᠰᠡᠨ | ᠪᠠᠭᠠᠲᠤᠷᠴᠤᠳ ᠤᠨ ᠦᠷ᠎ᠡ ᠬᠡᠦᠬᠡᠳ᠂ 2003 ᠣᠨ᠂ 2004 ᠣᠨ ᠳᠤ ᠠᠯᠪᠠᠨ ᠶᠠᠪᠤᠳᠠᠯ ᠢᠶᠠᠷ ︽ᠰᠠᠷᠰ︾ | ᠡᠪᠡᠳᠴᠢᠨ ᠳᠤ ᠨᠡᠷᠪᠡᠭᠳᠡᠭᠰᠡᠨ ᠦᠬᠦᠭᠰᠡᠨ ᠪᠤᠶᠤ ︽ᠰᠠᠷᠰ︾ ᠡᠪᠡᠳᠴᠢᠨ ᠤ ᠵᠡᠮᠳᠡᠭᠴᠦᠳ ᠤᠨ ᠦᠨᠡᠮᠯᠡᠯ ᠲᠠᠢ | ᠬᠦᠮᠦᠨ ᠤ ᠦᠷ᠎ᠡ ᠬᠡᠦᠬᠡᠳ ᠪᠣᠯᠬᠤ ᠰᠢᠯᠭᠠᠭᠤᠯᠤᠭᠰᠠᠳ ᠵᠡᠷᠭᠡ 6 ᠵᠦᠢᠯ ᠤᠨ ᠪᠠᠶᠢᠳᠠᠯ ᠲᠠᠢ ᠰᠢᠯᠭᠠᠭᠤᠯᠤᠭᠴᠢ ᠳᠤ | ᠪᠤᠯ ᠲᠡᠭᠦᠨ ᠤ ᠨᠢᠭᠡᠳᠦᠯᠲᠡᠶ ᠰᠢᠯᠭᠠᠯᠲᠠ ᠶᠢᠨ ᠬᠢᠷᠢ ᠪᠦᠲᠦᠮᠵᠢ ᠶᠢᠨ ᠶᠡᠷᠦᠩᠬᠡᠶ ᠬᠤᠪᠢ ᠶᠢᠨ ᠰᠠᠭᠤᠷᠢᠨ ᠳᠡᠭᠡᠷ᠎ᠡ ᠨᠢ | 10 ᠬᠤᠪᠢ ᠨᠡᠮᠡᠵᠦ ᠦᠭᠭᠦᠨ᠎ᠡ᠃ ᠡᠨᠡ ᠬᠦ ᠬᠤᠪᠢ ᠨᠡᠮᠡᠬᠦ ᠲᠥᠷᠥᠯ ᠵᠦᠶᠯ ᠨᠢ ᠥᠪᠡᠷᠲᠡᠭᠡᠨ ᠵᠠᠰᠠᠬᠤ ᠣᠷᠣᠨ ᠤ | ᠲᠣᠭᠲᠠᠭᠠᠭᠰᠠᠨ ᠲᠦᠷᠦ ᠶᠢᠨ ᠪᠤᠳᠤᠯᠭ᠎ᠠ ᠶᠢᠨ ᠴᠢᠨᠠᠷᠲᠠᠶ ᠬᠠᠷᠠᠭᠠᠯᠵᠠᠬᠤ ᠲᠦᠷᠦ ᠶᠢᠨ ᠪᠤᠳᠤᠯᠭ᠎ᠠ ᠳᠤ | ᠬᠠᠷᠢᠶᠠᠯᠠᠭᠳᠠᠨ᠎ᠠ᠂ ᠰᠤᠷᠭᠠᠨ ᠬᠥᠮᠦᠵᠢᠯ ᠤᠨ ᠶᠠᠮᠤᠨ ᠤ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ᠂ ᠵᠥᠪᠬᠡᠨ | ᠥᠪᠡᠷᠲᠡᠭᠡᠨ ᠵᠠᠰᠠᠬᠤ ᠣᠷᠣᠨ ᠤ ᠬᠠᠷᠢᠶ᠎ᠠ ᠪᠦᠬᠦᠢ ᠶᠡᠭᠡ ᠳᠡᠭᠡᠳᠦ ᠰᠤᠷᠭᠠᠭᠤᠯᠢ ᠳᠤ ᠲᠠᠩᠰᠠ ᠡᠪᠬᠡᠮᠡᠯ ᠳᠡᠪᠰᠢᠭᠦᠯᠬᠦ | ᠦᠶ᠎ᠡ ᠳᠤ ᠬᠡᠷᠡᠭᠯᠡᠨ᠎ᠡ᠃ | ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠤᠷᠢᠳᠴᠢᠯᠠᠨ ᠨᠡᠷ᠎ᠡ ᠮᠡᠳᠡᠭᠦᠯᠬᠦ ᠦᠶ᠎ᠡ ᠳᠡᠭᠡᠨ᠂ | ᠰᠢᠯᠭᠠᠭᠤᠯᠤᠭᠴᠢ ᠨᠢᠭᠡᠨᠲᠡ ᠣᠯᠤᠭᠰᠠᠨ ᠪᠤᠶᠤ ᠪᠦᠷᠢᠯᠳᠦᠭᠦᠯᠦᠭᠰᠡᠨ ᠲᠦᠷᠦ ᠶᠢᠨ ᠪᠤᠳᠤᠯᠭ᠎ᠠ ᠶᠢᠨ ᠴᠢᠨᠠᠷᠲᠠᠶ | ᠬᠠᠷᠠᠭᠠᠯᠵᠠᠯ ᠬᠦᠷᠲᠡᠬᠦ ᠲᠦᠷᠦᠯ ᠵᠦᠢᠯ ᠢᠶᠠᠨ ᠦᠨᠳᠦᠰᠦᠯᠡᠨ ᠰᠢᠯᠭᠠᠭᠤᠯᠤᠭᠴᠢ ᠶᠢᠨ ᠲᠤᠬᠢᠷᠠᠬᠤ ᠤᠨᠴᠠᠯᠢᠭ | ᠰᠢᠨᠵᠢ ᠪᠠᠨ ᠰᠤᠩᠭᠤᠬᠤ ᠶᠢᠨ ᠬᠠᠮᠲᠤ ᠬᠤᠯᠪᠣᠭᠳᠠᠯ ᠪᠦᠬᠦᠢ ᠭᠡᠷᠡᠴᠢ ᠮᠠᠲ᠋ᠧᠷᠢᠶᠠᠯ ᠤᠨ ᠤᠭ ᠮᠠᠲ᠋ᠧᠷᠢᠶᠠᠯ ᠪᠣᠯᠤᠨ | ᠪᠠᠭᠤᠯᠭᠠᠪᠤᠷᠢ ᠶᠢ ᠪᠡᠯᠡᠳᠬᠡᠬᠦ ᠬᠡᠷᠡᠭᠲᠡᠢ︔ ᠦᠯᠦ ᠰᠣᠩᠭᠤᠭᠰᠠᠨ ᠢ ᠲᠦᠷᠦ ᠶᠢᠨ ᠪᠤᠳᠤᠯᠭ᠎ᠠ ᠶᠢᠨ ᠴᠢᠨᠠᠷᠲᠠᠶ | ᠬᠠᠷᠠᠭᠠᠯᠵᠠᠯ ᠬᠦᠷᠲᠡᠬᠦ ᠪᠠᠨ ᠲᠡᠪᠴᠢᠭᠰᠡᠨ ᠢᠶᠠᠷ ᠦᠵᠡᠵᠦ᠂ ᠨᠡᠷ᠎ᠡ ᠮᠡᠳᠡᠭᠦᠯᠬᠦ ᠠᠵᠢᠯ ᠳᠠᠭᠤᠰᠪᠠᠯ ᠬᠦᠯᠢᠶᠡᠨ ᠠᠪᠴᠤ | ᠰᠢᠶᠳᠪᠦᠷᠢᠯᠡᠬᠦ ᠦᠭᠡᠢ᠃ ᠶᠡᠭᠡ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠬᠤᠪᠢ ᠨᠡᠮᠡᠬᠦ ᠬᠠᠷᠠᠭᠠᠯᠵᠠᠯ ᠢ ᠭᠥᠷᠳᠡᠬᠦ | ᠰᠢᠯᠭᠠᠭᠤᠯᠤᠭᠴᠢ ᠪᠦᠭᠡᠳ ᠡᠷᠬᠡᠪᠰᠢ ᠥᠪᠡᠷᠲᠡᠭᠡᠨ ᠱᠠᠭᠠᠷᠳᠠᠯᠭ᠎ᠠ ᠶᠣᠰᠣᠭᠠᠷ ᠭᠤᠶᠤᠴᠢᠯᠠᠨ ᠮᠡᠳᠡᠭᠦᠯᠵᠦ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠣᠭᠲᠠᠭᠠᠯ ᠶᠣᠰᠣᠭᠠᠷ ᠬᠢᠨᠠᠨ ᠪᠠᠶᠢᠴᠠᠭᠠᠵᠤ᠂ ᠥᠪᠡᠷᠲᠡᠭᠡᠨ ᠵᠠᠰᠠᠬᠤ ᠣᠷᠣᠨ᠂ | ᠠᠶᠢᠮᠠᠭ ᠬᠤᠲᠠ᠂ ᠬᠤᠰᠢᠭᠤ ᠰᠢᠶᠠᠨ ᠬᠤᠳᠠ ᠲᠣᠭᠤᠷᠢᠭ᠂ ᠰᠤᠷᠤᠯᠴᠠᠵᠤ ᠪᠠᠶᠢᠭ᠎ᠠ ᠳᠤᠮᠳᠠᠳᠤ ᠰᠤᠷᠭᠠᠭᠤᠯᠢ | ᠳᠦᠷᠪᠡᠨ ᠱᠠᠲᠤᠨ ᠤ ᠵᠠᠷᠯᠠᠯ ᠠᠰᠠᠭᠤᠳᠠᠯ ᠦᠭᠡᠢ ᠪᠤᠯᠤᠭᠰᠠᠨ ᠤ ᠳᠠᠷᠠᠭ᠎ᠠ ᠰᠠᠶ᠋ᠢ ᠵᠦᠪᠰᠢᠶᠡᠷᠡᠨ᠎ᠡ᠃ |