ᠥᠪᠥᠷ ᠮᠣᠩᠭᠤᠯ᠄ ᠲᠥᠷᠥᠵᠦ ᠮᠡᠨᠳᠦᠯᠡᠭᠰᠡᠨ ᠬᠥᠮᠦᠨ ᠠᠮᠠ ᠶᠢᠨ ᠮᠡᠳᠡᠭᠡ ᠵᠠᠩᠭᠢ ᠶᠢ ᠬᠤᠳᠠᠯ ᠵᠣᠬᠢᠶᠠᠭᠰᠠᠨ ᠪᠠᠶᠢᠪᠠᠯ ︽ᠨᠢᠭᠡ ᠯᠡ ᠫᠢᠶᠣᠣ ᠪᠠᠷ ᠬᠦᠴᠦᠨ ᠦᠭᠡᠢ ᠪᠣᠯᠭᠠᠨ᠎ᠠ︾
ᠨᠡᠶᠢᠲᠡᠯᠡᠭᠰᠡᠨ ᠴᠠᠭ᠄
2017/11/6
     ᠦᠢᠷ᠎ᠠ ᠶᠢᠨ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ᠂ ᠲᠤᠭ᠎ᠠ ᠪᠦᠷᠢᠳᠬᠡᠯ ᠤᠨ ᠲᠣᠪᠴᠢᠶ᠎ᠠ ᠬᠠᠮᠲᠤᠷᠠᠨ ︽ᠲᠥᠷᠥᠵᠦ ᠮᠡᠨᠳᠦᠯᠡᠭᠰᠡᠨ ᠬᠥᠮᠦᠨ ᠠᠮᠠ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠬᠤ ᠲᠤᠬᠠᠶ ᠮᠡᠳᠡᠭᠳᠡᠯ︾ ᠨᠡᠶᠢᠲᠡᠯᠡᠵᠦ᠂ ᠡᠯ᠎ᠡ ᠭᠠᠵᠠᠷ ᠤᠨ ᠬᠢᠨ ᠲᠥᠷᠥᠵᠦ ᠮᠡᠨᠳᠦᠯᠡᠭᠰᠡᠨ ᠬᠥᠮᠦᠨ ᠠᠮᠠ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠠᠵᠢᠯ ᠢ ᠲᠥᠯᠥᠪᠯᠡᠭᠡ ᠲᠠᠢ ᠪᠠᠷ ᠬᠡᠦᠬᠡᠳ ᠠᠪᠬᠤ ᠬᠠᠷᠠᠯᠲᠠᠲᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠳᠦᠷᠢᠮ ᠤᠨ ᠰᠢᠯᠭᠠᠨ ᠬᠢᠨᠠᠬᠤ ᠳᠤ ᠣᠷᠣᠭᠤᠯᠵᠤ᠂ ᠨᠢᠭᠤᠵᠤ ᠳᠠᠯᠳᠠᠯᠠᠭᠰᠠᠨ ᠪᠤᠶᠤ ᠣᠷᠬᠢᠭᠳᠠᠭᠤᠯᠤᠭᠰᠠᠨ᠂ ᠬᠤᠳᠠᠯ ᠢᠶᠠᠷ ᠵᠣᠬᠢᠶᠠᠨ ᠬᠠᠭᠤᠷᠮᠠᠭ ᠢᠶᠠᠷ ᠦᠢᠯᠡᠳᠦᠭᠰᠡᠨ ᠠᠴᠠ ᠮᠠᠭᠤ ᠨᠥᠯᠥᠭᠡ ᠦᠵᠡᠭᠦᠯᠦᠭᠰᠡᠨ ᠪᠠᠶᠢᠪᠠᠯ ︽ᠨᠢᠭᠡ ᠯᠡ ᠫᠢᠶᠣᠣ ᠪᠠᠷ ᠬᠦᠴᠦᠨ ᠦᠭᠡᠢ ᠪᠣᠯᠭᠠᠬᠤ ᠬᠡᠷᠡᠭᠲᠡᠢ︾ ᠭᠡᠵᠦ ᠱᠠᠭᠠᠷᠳᠠᠵᠠᠢ᠃      ︽ᠮᠡᠳᠡᠭᠳᠡᠯ︾᠎ ᠳᠤ ᠵᠢᠭᠠᠵᠤ ᠭᠠᠷᠭᠠᠭᠰᠠᠨ ᠨᠢ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠳ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠠᠵᠢᠯ ᠤᠨ ᠱᠠᠭᠠᠷᠳᠠᠯᠭ᠎ᠠ ᠶᠣᠰᠣᠭᠠᠷ᠂ ᠡᠭᠦᠷᠭᠡ ᠶᠢᠨ ᠬᠤᠪᠢᠶᠠᠷᠢᠯᠠᠯ ᠢ ᠲᠤᠲᠤᠷᠬᠠᠢ ᠪᠣᠯᠭᠠᠵᠤ᠂ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤᠪᠠᠷ ᠬᠦᠷᠲᠡᠬᠦ ᠶᠢ ᠢᠳᠡᠪᠬᠢᠲᠡᠢ ᠪᠠᠷ ᠲᠦᠯᠬᠢᠨ ᠠᠬᠢᠭᠤᠯᠵᠤ᠂ ᠰᠠᠯᠠᠭ᠎ᠠ ᠮᠥᠴᠢᠷ ᠠᠯᠤᠰᠯᠠᠭᠰᠠᠨ ᠬᠥᠮᠦᠨ ᠠᠮᠠ ᠶᠢᠨ ᠮᠡᠳᠡᠭᠡ ᠵᠠᠩᠭᠢ ᠶᠢ ᠬᠠᠮᠲᠤᠪᠠᠷ ᠬᠦᠷᠲᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠰᠢᠶᠠᠨ ᠤ ᠱᠠᠲᠤᠨ ᠠᠴᠠ ᠳᠡᠭᠡᠭᠰᠢᠬᠢ ᠬᠤᠯᠪᠣᠭᠳᠠᠯ ᠪᠥᠬᠦᠢ ᠰᠠᠯᠠᠭ᠎ᠠ ᠮᠥᠴᠢᠷ ᠤᠳ ᠲᠣᠭᠲᠠᠮᠠᠯ ᠬᠤᠭᠤᠴᠠᠭ᠎ᠠ ᠲᠠᠢ ᠵᠥᠪᠳᠡᠯᠴᠡᠬᠦ ᠳᠦᠷᠢᠮ ᠢ ᠪᠠᠶᠢᠭᠤᠯᠤᠨ᠂ ᠲᠤᠰ ᠰᠠᠯᠠᠭ᠎ᠠ ᠮᠥᠴᠢᠷ ᠤᠨ ᠡᠵᠡᠮᠰᠢᠭᠰᠡᠨ ᠮᠡᠳᠡᠭᠡ ᠵᠠᠩᠭᠢ ᠪᠠᠨ  ᠴᠠᠭ ᠲᠤᠬᠠᠶ ᠳᠤᠨᠢ ᠮᠡᠳᠡᠭᠳᠡᠵᠦ᠂ ᠠᠵᠢᠯ ᠤᠨ ᠳᠤᠮᠳᠠ ᠲᠤᠯᠭᠠᠷᠠᠭᠰᠠᠨ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠢ᠃ ᠡᠯ᠎ᠡ ᠭᠠᠵᠠᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠲᠥᠷᠥᠵᠦ ᠮᠡᠨᠳᠦᠯᠡᠭᠰᠡᠨ ᠬᠥᠮᠦᠨ ᠠᠮᠠ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠢ᠃ ᠠᠵᠢᠯ ᠤᠨ ᠬᠢᠨᠠᠨ ᠵᠢᠯᠣᠭᠤᠳᠤᠯᠭ᠎ᠠ ᠪᠣᠯᠣᠨ ᠪᠠᠶᠢᠴᠠᠭᠠᠯᠲᠠ ᠶᠢ ᠴᠢᠩᠭᠠᠳᠬᠠᠵᠤ᠂ ᠮᠡᠳᠡᠭᠡ ᠵᠠᠩᠭᠢ ᠶᠢᠨ ᠵᠥᠪ ᠣᠨᠣᠪᠴᠢᠲᠤ ᠴᠢᠨᠠᠷ ᠪᠣᠯᠣᠨ ᠴᠠᠭ  ᠲᠣᠬᠠᠶᠢᠴᠢ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠬᠠᠮᠢᠶᠠᠷᠤᠯᠲᠠ ᠶᠢᠨ ᠳᠦᠷᠢᠮ ᠪᠣᠯᠣᠨ ᠲᠣᠭᠲᠠᠴᠠ ᠶᠢᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠨ᠂ ᠲᠥᠷᠥᠵᠦ ᠮᠡᠨᠳᠦᠯᠡᠭᠰᠡᠨ ᠬᠥᠮᠦᠨ ᠠᠮᠠ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠡᠯ᠎ᠡ ᠵᠦᠢᠯ ᠤᠨ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ  ᠪᠠᠲᠤᠯᠠᠬᠤ ᠬᠡᠷᠡᠭᠲᠡᠢ ᠭᠡᠵᠡᠢ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号