ᠲᠦᠷᠦᠭᠦᠬᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠠᠴᠠ ︽︿ᠡᠷᠡᠭᠦᠯ ᠮᠡᠨᠳᠦ ᠦᠪᠦᠷ ᠮᠤᠩᠭᠤᠯ 2030﹀ ᠶᠢᠨ ᠬᠡᠷᠡᠭᠵᠢᠭᠦᠯᠬᠦ ᠲᠥᠰᠦᠯ︾ ᠢ ᠨᠡᠶᠢᠲᠡᠯᠡᠪᠡ᠃ | ᠲᠦᠰᠦᠯ ᠳᠤ᠂ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠶᠡᠬᠡᠪᠡᠷ ᠬᠡᠷᠡᠭᠵᠢᠭᠦᠯᠵᠦ᠂ | ᠠᠷᠠᠳ ᠤᠯᠠᠨ ᠳᠤ ᠡᠷᠡᠭᠦᠯ ᠮᠡᠨᠳᠦ ᠶᠢᠨ ᠦᠢᠯᠡᠴᠢᠯᠡᠭᠡ ᠬᠦᠷᠲᠡᠭᠡᠵᠦ᠂ 2030 ᠣᠨ ᠪᠣᠯᠬᠤ ᠳᠤ᠂ ᠪᠦᠷᠢᠨ | ᠲᠡᠭᠦᠯᠳᠡᠷ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠵᠤ᠂ ᠦᠨᠳᠦᠰᠦᠨ | ᠡᠮᠴᠢᠯᠡᠭᠡ ᠡᠷᠡᠭᠦᠯ ᠬᠠᠮᠠᠭᠠᠯᠠᠯ ᠤᠨ 15 ᠮᠢᠨᠦ᠋ᠲ ᠤᠨ ᠲᠦᠷᠭᠡᠨ ᠦᠶᠯᠡᠴᠢᠯᠡᠭᠡᠨ ᠤ ᠲᠤᠭᠤᠷᠢᠭ ᠢ ᠪᠠᠶᠢᠭᠤᠯᠬᠤ | ᠬᠡᠷᠡᠭᠲᠡᠢ ᠭᠡᠵᠦ ᠳᠤᠷᠠᠳᠪᠠ᠃ | ᠨᠢᠭᠡ ᠳᠤ ᠡᠮᠴᠢᠯᠡᠭᠡᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠬᠤ ᠠᠵᠢᠯᠯᠠᠭ᠎ᠠ ᠶᠢ ᠥᠷᠨᠢᠭᠦᠯᠵᠦ᠂ | ᠡᠮᠴᠢᠯᠡᠭᠡᠨ ᠤ ᠶᠠᠰᠤ ᠴᠢᠨᠠᠷ ᠤᠨ ᠬᠠᠮᠢᠶᠠᠷᠤᠯᠲᠠ ᠬᠢᠭᠡᠳ ᠡᠵᠡᠮᠳᠡᠯ ᠤᠨ ᠰᠢᠰᠲ᠋ᠧᠮᠵᠢ ᠶᠢ ᠪᠠᠶᠢᠭᠤᠯᠤᠨ | ᠲᠡᠭᠦᠯᠳᠡᠷᠵᠢᠭᠦᠯᠵᠦ᠂ ᠭᠤᠤᠯᠯᠠᠬᠤ ᠲᠤᠰᠬᠠᠶ ᠮᠡᠷᠭᠡᠵᠢᠯ ᠢ ᠬᠠᠮᠤᠷᠤᠭᠰᠠᠨ ᠥᠪᠡᠷᠲᠡᠭᠡᠨ ᠵᠠᠰᠠᠬᠤ ᠣᠷᠣᠨ᠂ ᠠᠶᠢᠮᠠᠭ | ᠬᠤᠳᠠ ᠶᠢᠨ ᠱᠠᠲᠤᠨ ᠤ ᠡᠮᠴᠢᠯᠡᠭᠡᠨ ᠤ ᠶᠠᠰᠤ ᠴᠢᠨᠠᠷ ᠤᠨ ᠡᠵᠡᠮᠳᠡᠯ ᠤᠨ ᠵᠤᠬᠢᠶᠠᠨ ᠪᠠᠶᠢᠭᠤᠯᠤᠯᠲᠠ ᠶᠢ | ᠲᠡᠭᠦᠯᠳᠡᠷᠵᠢᠭᠦᠯᠵᠦ᠂ ᠡᠮᠴᠢᠯᠡᠭᠡᠨ ᠤ ᠶᠠᠰᠤ ᠴᠢᠨᠠᠷ ᠪᠣᠯᠤᠨ ᠡᠮᠴᠢᠯᠡᠭᠡᠨ ᠤ ᠠᠮᠤᠷ ᠲᠦᠪᠰᠢᠨ ᠢ ᠦᠷᠬᠦᠯᠵᠢᠯᠡᠨ | ᠰᠠᠶᠢᠵᠢᠷᠠᠭᠤᠯᠵᠤ᠂ ᠡᠮᠴᠢᠯᠡᠭᠡᠨ ᠤ ᠦᠢᠯᠡᠴᠢᠯᠡᠭᠡᠨ ᠤ ᠴᠢᠨᠠᠷ ᠢ ᠢᠵᠢᠯᠢᠰᠢᠭᠦᠯᠬᠦ ᠬᠡᠮᠵᠢᠶ᠎ᠡ ᠶᠢ ᠳᠡᠭᠡᠭᠰᠢᠯᠡᠭᠦᠯᠵᠦ᠂ | ᠡᠮᠨᠡᠯᠭᠡ ᠳᠤ ᠰᠠᠭᠤᠬᠤ ᠨᠤᠷᠮ᠎ᠠ᠂ ᠪᠠᠺᠲ᠋ᠧᠷᠢ ᠡᠰᠡᠷᠭᠦᠴᠡᠬᠦ ᠡᠮ ᠢ ᠬᠡᠷᠡᠭᠯᠡᠬᠦ ᠨᠤᠷᠮ᠎ᠠ ᠵᠡᠷᠭᠡ ᠭᠤᠣᠯ ᠡᠮᠴᠢᠯᠡᠭᠡᠨ ᠤ | ᠦᠢᠯᠡᠴᠢᠯᠡᠭᠡᠨ ᠤ ᠬᠠᠮᠢᠶᠠᠷᠤᠯᠲᠠ ᠶᠢᠨ ᠭᠦᠢᠴᠡᠳᠬᠡᠬᠦ ᠲᠤᠭ᠎ᠠ ᠶᠢ ᠪᠦᠬᠦ ᠤᠯᠤᠰ ᠤᠨ ᠲᠡᠷᠢᠭᠦᠨ ᠤ ᠬᠡᠮᠵᠢᠶᠡᠨ ᠳᠤ | ᠬᠦᠷᠦᠭᠦᠯᠬᠦ ᠪᠤᠶᠤ ᠤᠶᠢᠷᠠᠲᠤᠭᠤᠯᠤᠨᠠ᠃ | ᠬᠤᠶᠠᠷ ᠲᠤ ᠡᠮᠴᠢᠯᠡᠭᠡᠨ ᠤ ᠵᠠᠮ ᠮᠥᠷ ᠤᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ | ᠣᠨᠣᠰᠢᠯᠠᠨ ᠡᠮᠨᠡᠬᠦ ᠥᠢᠯᠡ ᠠᠵᠢᠯᠯᠠᠭ᠎ᠠ ᠶᠢ ᠵᠢᠷᠤᠮᠵᠢᠭᠤᠯᠤᠨ᠂ ᠣᠨᠣᠰᠢᠯᠠᠨ ᠡᠮᠨᠡᠬᠦ ᠶᠠᠪᠤᠴᠠ ᠶᠢ ᠰᠢᠯᠢᠳᠡᠭᠵᠢᠭᠦᠯᠦᠨ᠂ | ᠵᠦᠢ ᠵᠣᠬᠢᠰᠲᠠᠶ ᠪᠠᠷ ᠡᠮ ᠬᠡᠷᠡᠭᠯᠡᠬᠦ ᠶᠢ ᠠᠬᠢᠭᠤᠯᠵᠤ᠂ ᠡᠮᠴᠢᠯᠡᠭᠡ ᠳᠤ ᠴᠢᠰᠤ ᠬᠡᠷᠡᠭᠯᠡᠬᠦ ᠠᠮᠤᠷ ᠲᠦᠪᠰᠢᠨ ᠢ | ᠪᠠᠲᠤᠯᠠᠵᠤ᠂ ᠡᠮᠴᠢᠯᠡᠭᠡᠨ ᠤ ᠪᠠᠶᠢᠭᠤᠯᠤᠮᠵᠢ ᠪᠠᠶᠢᠴᠠᠭᠠᠵᠤ᠂ ᠰᠢᠯᠭᠠᠨ ᠪᠠᠶᠢᠴᠠᠭᠠᠭᠰᠠᠨ ᠦᠷ᠎ᠡ ᠳ᠋ᠦᠩ ᠢ ᠬᠠᠷᠢᠯᠴᠠᠨ | ᠮᠡᠳᠡᠷᠡᠬᠦ ᠶᠢ ᠪᠡᠶᠡᠯᠡᠭᠦᠯᠦᠨ᠎ᠡ᠃ ᠡᠮᠴᠢᠯᠡᠭᠡᠨ ᠤ ᠬᠠᠷᠢᠭᠤᠴᠠᠯᠭ᠎ᠠ ᠶᠢᠨ ᠲᠦᠭᠰᠢᠭᠦᠷᠢ ᠶᠢ ᠬᠤᠪᠢᠶᠠᠨ ᠡᠭᠦᠷᠭᠡᠯᠡᠬᠦ | ᠲᠣᠭᠲᠠᠴᠠ ᠶᠢ ᠲᠡᠭᠦᠯᠳᠡᠷᠵᠢᠭᠦᠯᠵᠦ᠂ ᠡᠮᠴᠢᠯᠡᠭᠡ ᠶᠢᠨ ᠵᠢᠭᠤᠷᠠᠭᠠᠨ ᠢ ᠭᠤᠷᠪᠠᠳᠤᠭᠠᠷ ᠲᠠᠯ᠎ᠠ ᠠᠴᠠ ᠡᠶᠡᠳᠡᠭᠦᠯᠬᠦ ᠶᠢ | ᠭᠦᠨᠵᠡᠭᠡᠢ ᠠᠬᠢᠭᠤᠯᠵᠤ᠂ ᠡᠮᠴᠢ ᠬᠢᠭᠡᠳ ᠡᠪᠡᠳᠴᠢᠲᠡᠨ ᠤ ᠡᠶ᠎ᠡ ᠵᠣᠬᠢᠴᠠᠯ ᠲᠠᠢ ᠬᠠᠷᠢᠴᠠᠭ᠎ᠠ ᠶᠢ ᠪᠠᠶᠢᠭᠤᠯᠤᠨ᠎ᠠ᠃ | ᠭᠤᠷᠪᠠ ᠳᠤ ᠬᠡᠷ ᠪᠦᠯᠢ ᠶᠢᠨ ᠡᠮᠴᠢ ᠶᠢᠨ ᠭᠡᠷ᠎ᠡ ᠲᠤᠭᠲᠠᠬᠤ ᠠᠵᠢᠯᠯᠠᠭ᠎ᠠ ᠶᠢ ᠥᠷᠨᠢᠭᠦᠯᠵᠦ᠂ ᠭᠡᠷ ᠪᠦᠯᠢ | ᠪᠦᠬᠦᠨ ᠳᠤ 1 ᠬᠢᠷᠢ ᠲᠡᠩᠴᠡᠭᠰᠡᠨ ᠬᠡᠷ ᠪᠦᠯᠢ ᠶᠢᠨ ᠡᠮᠴᠢ ᠲᠠᠢ ᠪᠠᠶᠢᠬᠤ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ | ᠬᠦᠴᠢᠷ ᠲᠦᠪᠡᠭᠲᠡᠶ ᠡᠪᠡᠳᠴᠢᠨ ᠢ ᠡᠮᠨᠡᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠬᠦ ᠲᠦᠷᠦᠯ ᠵᠦᠢᠯ ᠢ | ᠬᠡᠷᠡᠭᠵᠢᠭᠦᠯᠦᠨ᠎ᠡ᠃ | ᠲᠦᠷᠪᠡ ᠳᠤ ᠥᠪᠡᠷᠲᠡᠭᠡᠨ ᠵᠠᠰᠠᠬᠤ ᠣᠷᠣᠨ ᠤ ᠳᠡᠰ ᠤᠨ ᠡᠮ ᠡᠮᠨᠡᠯᠭᠡ ᠵᠢᠭᠠᠨ ᠰᠤᠷᠭᠠᠯᠲᠠ ᠰᠤᠳᠤᠯᠭᠠᠨ ᠤ | ᠲᠣᠯᠣᠭᠠᠶᠢᠯᠠᠭᠴᠢ ᠡᠮᠨᠡᠯᠭᠡ ᠶᠢᠨ ᠬᠤᠷᠢᠶ᠎ᠠ ᠪᠠᠶᠢᠭᠤᠯᠬᠤ ᠶᠢ ᠴᠢᠩᠭᠠᠳᠬᠠᠵᠤ᠂ ᠠᠶᠢᠮᠠᠭ ᠬᠤᠳᠠ ᠣᠷᠣᠨ ᠪᠦᠰᠡ ᠶᠢᠨ | ᠡᠮᠴᠢᠯᠡᠭᠡᠨ ᠤ ᠲᠦᠪ ᠢ ᠪᠠᠶᠢᠭᠤᠯᠵᠤ᠂ ᠠᠶᠢᠮᠠᠭ ᠬᠤᠳᠠ ᠶᠢᠨ ᠱᠠᠲᠤᠨ ᠤ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ | ᠪᠠ ᠬᠤᠤᠷᠲᠤ ᠬᠠᠪᠤᠳᠠᠷ ᠤᠨ ᠰᠠᠯᠠᠭ᠎ᠠ᠂ ᠬᠥᠩᠭᠡᠵᠢᠭᠦᠯᠬᠦ ᠰᠠᠯᠠᠭ᠎ᠠ᠂ ᠬᠡᠦᠬᠡᠳ ᠤᠨ ᠰᠠᠯᠠᠭ᠎ᠠ᠂ ᠤᠶᠤᠨ ᠮᠡᠳᠡᠷᠡᠯ ᠤᠨ | ᠰᠠᠯᠠᠭ᠎ᠠ ᠵᠡᠷᠭᠡ ᠲᠤᠰᠬᠠᠶ ᠮᠡᠷᠭᠡᠵᠢᠯ ᠤᠨ ᠡᠮᠨᠡᠯᠭᠡ ᠶᠢᠨ ᠬᠤᠷᠢᠶᠠᠨ ᠤ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ | ᠣᠷᠣᠨ ᠪᠦᠰᠡ ᠶᠢᠨ ᠳᠤᠲᠤᠷ᠎ᠠ ᠪᠠᠴᠢᠮ ᠠᠶᠤᠯ ᠲᠠᠢ ᠬᠦᠨᠳᠦ ᠡᠪᠡᠳᠴᠢᠨ ᠪᠠ ᠬᠦᠴᠢᠷ ᠲᠦᠪᠡᠭᠲᠡᠶ ᠡᠪᠡᠳᠴᠢᠨ ᠢ | ᠣᠨᠣᠰᠢᠯᠠᠨ ᠡᠮᠨᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠲᠠᠪᠤ ᠳᠤ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠴᠢᠳᠠᠪᠤᠷᠢ ᠶᠢᠨ | ᠪᠠᠶᠢᠭᠤᠯᠤᠯᠲᠠ ᠶᠢᠨ ᠲᠥᠷᠥᠯ ᠵᠦᠶᠯ ᠢ ᠬᠡᠷᠡᠭᠵᠢᠭᠦᠯᠵᠦ᠂ ᠬᠤᠰᠢᠭᠤ ᠰᠢᠶᠠᠨ ᠤ ᠱᠠᠲᠤᠨ ᠤ ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ᠂ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠪᠣᠯᠤᠨ ᠭᠠᠴᠠᠭ᠎ᠠ | ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ︽ᠡᠮ ᠤᠨ | ᠪᠢᠴᠢᠬᠠᠨ ᠬᠠᠶᠢᠷᠴᠠᠭ︾ ᠢᠶᠠᠷ ᠠᠴᠢᠶᠠᠯᠠᠪᠤᠷᠢ ᠪᠤᠯᠭᠠᠭᠰᠠᠨ᠂ ᠲᠣᠭᠲᠠᠮᠠᠯ ᠡᠮᠴᠢᠯᠡᠭᠡ ᠪᠠ ᠨᠡᠭᠦᠳᠡᠯ ᠡᠮᠴᠢᠯᠡᠭᠡ ᠶᠢ | ᠤᠶᠠᠯᠳᠤᠭᠤᠯᠤᠭᠰᠠᠨ ᠮᠠᠯᠵᠢᠬᠤ ᠲᠠᠷᠢᠶᠠᠯᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ | ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠭᠦᠯᠦᠨ᠎ᠡ᠃ ᠡᠭᠦᠨ ᠤ ᠬᠠᠮᠲᠤ ᠬᠤᠳᠠ ᠶᠢᠨ ᠨᠡᠶᠢᠭᠡᠮ ᠲᠣᠭᠤᠷᠢᠭ ᠤᠨ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠢ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠴᠢᠩᠭᠠᠳᠬᠠᠵᠤ᠂ | ᠦᠢᠯᠡᠴᠢᠯᠡᠭᠡᠨ ᠤ ᠴᠢᠳᠠᠮᠵᠢ ᠶᠢ ᠪᠦᠷᠢᠨᠰᠢᠭᠦᠯᠵᠦ᠂ ᠦᠢᠯᠡᠴᠢᠯᠡᠭᠡᠨ ᠤ ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃ | ᠵᠢᠷᠭᠤᠭ᠎ᠠ ᠳᠤ ᠡᠷᠡᠭᠦᠯᠵᠢᠭᠦᠯᠦᠯ᠂ ᠦᠲᠡᠭᠦᠰ ᠤᠨ ᠡᠪᠡᠳᠴᠢᠨ᠂ ᠤᠷᠳᠤ ᠬᠤᠭᠤᠴᠠᠭᠠᠨ ᠤ ᠠᠰᠠᠷᠠᠨ | ᠰᠤᠪᠢᠯᠠᠯᠲᠠ᠂ ᠤᠵᠢᠭ ᠡᠪᠡᠳᠴᠢᠨ ᠤ ᠬᠠᠮᠢᠶᠠᠷᠤᠯᠲᠠ᠂ ᠨᠠᠰᠤᠨ ᠡᠴᠦᠰ ᠤᠨ ᠬᠠᠯᠠᠮᠵᠢᠯᠠᠯ ᠵᠡᠷᠭᠡ ᠵᠠᠯᠭᠠᠮᠵᠢ ᠴᠢᠨᠠᠷᠲᠠᠶ | ᠡᠮᠴᠢᠯᠡᠭᠡᠨ ᠤ ᠪᠠᠶᠢᠭᠤᠯᠤᠮᠵᠢ ᠶᠢᠨ ᠪᠦᠳᠦᠬᠡᠨ ᠪᠠᠶᠢᠭᠤᠯᠤᠯᠲᠠ ᠶᠢ ᠴᠢᠩᠭᠠᠳᠬᠠᠵᠤ᠂ 2030 ᠣᠨ ᠪᠣᠯᠬᠤ ᠳᠤ᠂ | ᠪᠠᠶᠢᠩᠭᠤ ᠰᠠᠭᠤᠭ᠎ᠠ ᠮᠢᠩᠭᠠᠨ ᠬᠥᠮᠦᠨ ᠪᠦᠷᠢ ᠳᠤ ᠨᠤᠭᠳᠠᠬᠤ ᠠᠵᠢᠯ ᠡᠷᠭᠢᠯᠡᠬᠦ ︵ᠲᠤᠰᠠᠯᠠᠭᠴᠢ︶ ᠡᠮᠴᠢ ᠶᠢᠨ | ᠲᠤᠭ᠎ᠠ ᠶᠢ 3.5 ᠬᠥᠮᠦᠨ ᠳᠤ ᠬᠦᠷᠦᠭᠦᠯᠵᠦ᠂ ᠳᠠᠩᠰᠠᠯᠠᠭᠤᠯᠤᠭᠰᠠᠨ ᠰᠤᠪᠢᠯᠠᠭᠴᠢ ᠶᠢᠨ ᠲᠤᠭ᠎ᠠ ᠶᠢ 5.2 ᠬᠥᠮᠦᠨ | ᠳᠤ ᠬᠦᠷᠦᠭᠦᠯᠦᠨ᠎ᠡ᠃ |