ᠥᠪᠦᠷ ᠮᠣᠩᠭᠤᠯ ᠶᠡᠭᠡ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠳᠤ ᠨᠡᠷ᠎ᠡ ᠮᠡᠳᠡᠭᠦᠯᠬᠦ ᠳᠡᠭᠡᠨ ᠲᠣᠭᠲᠠᠭᠠᠯ ᠠᠴᠠ ᠵᠦᠷᠢᠴᠡᠭᠰᠡᠳ ᠢ ᠬᠦᠨᠳᠦ ᠰᠢᠳᠭᠡᠬᠦ ᠪᠠᠷ ᠪᠠᠶᠢᠨ᠎ᠠ
ᠨᠡᠶᠢᠲᠡᠯᠡᠭᠰᠡᠨ ᠴᠠᠭ᠄
2017/11/7
     2018 ᠣᠨ ᠤ ᠶᠡᠭᠡ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠳᠤ ᠨᠡᠷ᠎ᠡ ᠮᠡᠳᠡᠭᠦᠯᠬᠦ ᠶᠠᠪᠤᠴᠠ ᠳᠤ᠂ ᠲᠣᠭᠲᠠᠭᠠᠯ ᠢ ᠵᠥᠷᠢᠴᠡᠨ ᠨᠡᠷ᠎ᠡ ᠮᠡᠳᠡᠭᠦᠯᠦᠭᠰᠡᠨ ᠰᠢᠯᠭᠠᠭᠤᠯᠤᠭᠴᠢ ᠶᠢ ᠴᠢᠩᠭ᠎ᠠ ᠰᠢᠳᠬᠡᠵᠦ᠂ ᠢᠯᠡᠴᠢᠯᠡᠨ ᠮᠡᠳᠡᠭᠦᠯᠦᠭᠴᠢ ᠶᠢ ᠨᠢ 1000 ᠲᠥᠭᠦᠷᠢᠭ ᠤᠨ ᠪᠡᠯᠡᠨ ᠵᠣᠭᠤᠰ ᠢᠶᠠᠷ ᠱᠠᠩᠨᠠᠬᠤ ᠪᠠᠷ ᠪᠠᠶᠢᠨ᠎ᠠ᠃      ᠲᠠᠨᠢᠯᠴᠠᠭᠤᠯᠤᠭᠰᠠᠨ ᠢᠶᠠᠷ᠂ ᠬᠤᠳᠠᠯ ᠬᠠᠭᠤᠷᠮᠠᠭ ᠨᠡᠷ᠎ᠡ ᠮᠡᠳᠡᠭᠦᠯᠬᠦ ᠮᠡᠳᠡᠭᠡ ᠵᠠᠩᠭᠢ ᠶᠢ ᠬᠠᠩᠭᠠᠭᠰᠠᠨ᠂ ᠬᠤᠳᠠᠯ ᠬᠠᠭᠤᠷᠮᠠᠭ ᠨᠡᠷ᠎ᠡ ᠮᠡᠳᠡᠭᠦᠯᠬᠦ ᠮᠠᠲ᠋ᠧᠷᠢᠶᠠᠯ ᠢᠶᠠᠷ ᠨᠡᠷ᠎ᠡ ᠮᠡᠳᠡᠭᠦᠯᠦᠯᠲᠡ ᠶᠢᠨ ᠬᠢᠷᠢ ᠬᠡᠮ ᠣᠯᠣᠭᠰᠠᠨ᠂ ᠨᠡᠷ᠎ᠡ ᠮᠡᠳᠡᠭᠦᠯᠬᠦ ᠨᠥᠬᠦᠴᠡᠯ ᠳᠤ ᠨᠡᠶᠢᠴᠡᠬᠦ ᠦᠭᠡᠢ ᠪᠠᠶᠢᠲᠠᠯ᠎ᠠ ᠪᠠᠨ ᠵᠢᠩᠬᠢᠨᠢ ᠪᠠᠷ ᠨᠡᠷ᠎ᠡ ᠮᠡᠳᠡᠭᠦᠯᠦᠭᠰᠡᠨ᠂ ᠪᠠᠶᠢᠴᠠᠭᠠᠨ ᠲᠣᠳᠣᠯᠠᠭᠰᠠᠨ ︽ᠶᠡᠭᠡ ᠳᠡᠭᠡᠳᠦ ᠰᠤᠷᠭᠠᠭᠤᠯᠢ ᠶᠢᠨ ᠡᠯᠰᠡᠬᠦ ᠰᠢᠯᠭᠠᠯᠲᠠ ᠶᠢᠨ ᠨᠡᠭᠦᠳᠡᠯᠴᠢᠨ︾ ᠵᠡᠷᠭᠡ ᠰᠢᠯᠭᠠᠭᠤᠯᠤᠭᠴᠢ ᠶᠢ ᠰᠢᠯᠭᠠᠯᠲᠠ ᠠᠴᠠ ᠡᠮᠦᠨ᠎ᠡ ᠪᠠᠶᠢᠴᠠᠭᠠᠨ ᠲᠣᠳᠣᠯᠠᠭᠰᠠᠨ ᠪᠣᠯ ᠨᠡᠷ᠎ᠡ ᠮᠡᠳᠡᠭᠦᠯᠬᠦ ᠬᠢᠷᠢ ᠬᠡᠮ ᠪᠣᠯᠣᠨ ᠰᠢᠯᠭᠠᠯᠲᠠ ᠶᠢᠨ ᠬᠢᠷᠢ ᠬᠡᠮ ᠢ ᠨᠢ ᠬᠠᠰᠤᠵᠤ᠂ ᠰᠢᠯᠭᠠᠯᠲᠠ ᠶᠢᠨ ᠲᠠᠷᠠᠭ᠎ᠠ ᠪᠠᠶᠢᠴᠠᠭᠠᠨ ᠲᠣᠳᠣᠯᠠᠭᠰᠠᠨ ᠪᠣᠯ ᠶᠡᠭᠡ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠬᠢᠷᠢ ᠪᠦᠲᠦᠮᠵᠢ ᠪᠣᠯᠣᠨ ᠡᠯᠰᠡᠭᠳᠡᠬᠦ ᠬᠢᠷᠢ ᠬᠡᠮ ᠢ ᠨᠢ ᠬᠠᠰᠤᠵᠤ᠂ ᠡᠯᠰᠡᠭᠳᠡᠭᠰᠡᠨ ᠤ ᠲᠠᠷᠠᠭ᠎ᠠ ᠪᠠᠶᠢᠴᠠᠭᠠᠨ ᠲᠣᠳᠣᠯᠠᠭᠰᠠᠨ ᠪᠣᠯ ᠰᠤᠷᠭᠠᠭᠤᠯᠢ ᠳᠤ ᠣᠷᠣᠬᠤ ᠬᠢᠷᠢ ᠬᠡᠮ ᠢ ᠨᠢ ᠬᠠᠰᠤᠵᠤ᠂ ᠨᠢᠭᠡᠨᠲᠡ ᠰᠤᠷᠭᠠᠭᠤᠯᠢ ᠳᠤ ᠤᠷᠤᠭᠰᠠᠨ ᠪᠠᠶᠢᠪᠠᠯ ᠰᠤᠷᠤᠯᠭ᠎ᠠ ᠶᠢᠨ ᠬᠠᠷᠢᠶᠠᠯᠠᠯ ᠢ ᠨᠢ ᠬᠠᠰᠤᠨ᠎ᠠ᠃      ᠲᠣᠭᠲᠠᠭᠠᠯ ᠠᠴᠠ ᠵᠥᠷᠢᠴᠡᠨ ᠡᠷᠦᠬᠡ ᠠᠮᠠ ᠶᠢᠨ ᠳᠠᠩᠰᠠ ᠪᠣᠯᠤᠨ ᠰᠤᠷᠤᠯᠭ᠎ᠠ ᠶᠢᠨ ᠬᠠᠷᠢᠶᠠᠯᠠᠯ ᠢᠶᠠᠨ ᠭᠦᠢᠴᠡᠳᠬᠡᠭᠰᠡᠨ᠂ ᠦᠷᠭᠦᠯᠵᠢᠯᠡᠨ ᠰᠤᠷᠭᠠᠭᠤᠯᠢ ᠳᠤ ᠰᠤᠷᠤᠯᠴᠠᠭᠰᠠᠨ ᠦᠩᠭᠡᠷᠡᠯᠲᠡ ᠪᠠᠨ ᠬᠠᠭᠤᠷᠮᠠᠭᠯᠠᠨ ᠵᠣᠬᠢᠶᠠᠭᠰᠠᠨ ᠪᠤᠶᠤ ᠬᠤᠪᠢᠷᠠᠭᠤᠯᠤᠨ ᠵᠣᠬᠢᠶᠠᠭᠰᠠᠨ᠂ ᠦᠨᠳᠦᠰᠦᠲᠡᠨ ᠤ ᠪᠦᠷᠢᠯᠳᠦᠭᠦᠨ ᠢᠶᠠᠨ ᠲᠣᠭᠲᠠᠭᠠᠯ ᠢ ᠵᠥᠷᠢᠴᠡᠨ ᠬᠤᠪᠢᠷᠠᠭᠤᠯᠤᠭᠰᠠᠨ᠂ ᠬᠤᠳᠠᠯ ᠬᠠᠭᠤᠷᠮᠠᠭ ᠣᠷᠣᠨ ᠰᠠᠭᠤᠴᠠ᠂ ᠠᠵᠢᠯᠯᠠᠬᠤ ᠭᠠᠵᠠᠷ᠂ ᠨᠡᠶᠢᠭᠡᠮ ᠤᠨ ᠳᠠᠭᠠᠳᠬᠠᠯ ᠪᠤᠶᠤ ᠭᠠᠶᠢᠯᠢ ᠲᠤᠰᠢᠶᠠᠭᠰᠠᠨ ᠭᠡᠷᠡᠴᠢ ᠵᠡᠷᠭᠡ ᠶᠢ ᠬᠠᠩᠭᠠᠭᠰᠠᠨ ᠬᠠᠮᠢᠶ᠎ᠠ ᠪᠥᠬᠦᠢ ᠬᠥᠮᠦᠰ ᠢ ᠴᠥᠮ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠶᠳᠪᠦᠷᠢᠯᠡᠨ᠎ᠠ᠃ ︽ᠶᠡᠭᠡ ᠳᠡᠭᠡᠳᠦ ᠰᠤᠷᠭᠠᠭᠤᠯᠢ ᠶᠢᠨ ᠡᠯᠰᠡᠬᠦ ᠰᠢᠯᠭᠠᠯᠲᠠ ᠶᠢᠨ ᠨᠡᠭᠦᠳᠡᠯᠴᠢᠨ︾᠎ ᠲᠠᠢ ᠬᠤᠯᠪᠣᠭᠳᠠᠬᠤ ᠬᠠᠤᠯᠢ ᠲᠦᠷᠢᠮ ᠢ ᠵᠥᠷᠢᠴᠡᠭᠰᠡᠨ ᠬᠡᠷᠡᠭ ᠢ ᠪᠣᠯ᠂ ᠬᠠᠤᠯᠢ ᠶᠣᠰᠣᠭᠠᠷ ᠲᠤᠬᠠᠶ ᠶᠢᠨ ᠬᠥᠮᠦᠨ ᠠᠴᠠ ᠬᠠᠷᠢᠭᠤᠴᠠᠯᠭ᠎ᠠ ᠨᠡᠬᠡᠮᠵᠢᠯᠡᠬᠦ ᠠᠴᠠ ᠭᠠᠳᠠᠨ᠎ᠠ ᠪᠠᠰᠠ ᠭᠤᠣᠯᠴᠢᠯᠠᠨ ᠬᠠᠮᠢᠶᠠᠷᠬᠤ ᠤᠳᠤᠷᠢᠳᠤᠯᠭ᠎ᠠ ᠵᠢᠴᠢ ᠬᠤᠯᠪᠣᠭᠳᠠᠯ ᠪᠥᠬᠦᠢ ᠤᠳᠤᠷᠢᠳᠤᠯᠭ᠎ᠠ ᠠᠴᠠ ᠬᠠᠷᠢᠭᠤᠴᠠᠯᠭ᠎ᠠ ᠴᠢᠩᠭ᠎ᠠ ᠨᠡᠬᠡᠮᠵᠢᠯᠡᠨ᠎ᠠ︔ ᠶᠠᠯ᠎ᠠ ᠪᠤᠯᠵᠦ ᠪᠦᠷᠢᠯᠳᠦᠭᠰᠡᠨ ᠪᠣᠯ ᠬᠠᠤᠯᠢ ᠴᠠᠭᠠᠵᠠ ᠶᠢᠨ ᠪᠠᠶᠢᠭᠤᠯᠭ᠎ᠠ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠲᠤᠰ ᠰᠤᠷᠭᠠᠭᠤᠯᠢ ᠳᠤ ᠰᠤᠷᠤᠯᠴᠠᠵᠤ ᠪᠠᠶᠢᠭ᠎ᠠ ᠰᠤᠷᠤᠭᠴᠢ ᠳᠠᠭᠠᠨ ᠰᠤᠷᠭᠠᠭᠤᠯᠢ ᠨᠢ ᠨᠡᠷ᠎ᠡ ᠮᠡᠳᠡᠭᠦᠯᠬᠦ ᠭᠠᠷᠳᠠᠮ ᠭᠦᠢᠴᠡᠳᠬᠡᠵᠦ ᠥᠭᠭᠦᠭᠰᠡᠨ ᠦᠭᠡᠢ ᠪᠤᠶᠤ ᠰᠢᠯᠭᠠᠭᠤᠯᠤᠭᠴᠢ ᠳᠤ ᠨᠥᠬᠦᠴᠡᠯ ᠦᠭᠡᠢ ᠪᠠᠷ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠭᠠᠵᠠᠷ ᠲᠠᠯᠠᠪᠤᠷ ᠬᠠᠩᠭᠠᠵᠤ ᠥᠭᠭᠦᠭᠰᠡᠨ ᠦᠭᠡᠢ ᠪᠠ ᠬᠠᠮᠢᠶ᠎ᠠ ᠪᠦᠭᠦᠢ ᠪᠣᠯᠪᠠᠰᠤᠷᠠᠭᠤᠯᠤᠯ ᠬᠦᠷᠲᠡᠭᠡᠭᠰᠡᠨ ᠦᠭᠡᠢ ᠳᠤᠮᠳᠠᠳᠤ ᠰᠤᠷᠭᠠᠭᠤᠯᠢ ᠶᠢᠨ ᠵᠠᠬᠢᠷᠤᠯ ᠢ ᠪᠥᠬᠦ ᠣᠷᠣᠨ ᠤ ᠬᠡᠪᠴᠢᠶᠡᠨ ᠳᠤ ᠨᠡᠪᠲᠡᠷᠡᠭᠦᠯᠦᠨ ᠰᠢᠭᠦᠮᠵᠢᠯᠡᠨ᠎ᠡ᠃      ᠨᠡᠷ᠎ᠡ ᠮᠡᠳᠡᠭᠦᠯᠬᠦ ᠠᠵᠢᠯ ᠲᠣᠭᠲᠠᠭᠠᠯ ᠶᠣᠰᠣᠭᠠᠷ ᠦᠷᠨᠢᠭᠦᠯᠦᠭᠰᠡᠨ ᠦᠭᠡᠢ᠂ ᠨᠡᠷ᠎ᠡ ᠮᠡᠳᠡᠭᠦᠯᠬᠦ ᠨᠥᠬᠦᠴᠡᠯ ᠳᠤ ᠨᠡᠶᠢᠴᠡᠬᠦ ᠦᠭᠡᠢ ᠰᠢᠯᠭᠠᠭᠤᠯᠤᠭᠴᠢ ᠪᠣᠯᠣᠨ ︽ᠶᠡᠭᠡ ᠳᠡᠭᠡᠳᠦ ᠰᠤᠷᠭᠠᠭᠤᠯᠢ ᠶᠢᠨ ᠡᠯᠰᠡᠬᠦ ᠰᠢᠯᠭᠠᠯᠲᠠ ᠶᠢᠨ ᠨᠡᠭᠦᠳᠡᠯᠴᠢᠨ︾᠎ ᠳᠤ ᠨᠡᠷ᠎ᠡ ᠮᠡᠳᠡᠭᠦᠯᠬᠦ ᠭᠠᠷᠳᠠᠮ ᠭᠦᠢᠴᠡᠳᠬᠡᠵᠦ ᠥᠭᠭᠦᠭᠰᠡᠨ ᠵᠡᠷᠭᠡ ᠬᠠᠷᠢᠶ᠎ᠠ ᠪᠦᠬᠦᠢ ᠰᠤᠷᠤᠭᠴᠢ ᠡᠯᠰᠡᠬᠦ ᠠᠵᠢᠯᠲᠠᠨ ᠨᠢ ᠡᠷᠬᠡ ᠪᠠᠨ ᠠᠰᠢᠭᠯᠠᠨ ᠬᠤᠪᠢ ᠪᠠᠨ ᠪᠣᠷᠳᠣᠭᠰᠠᠨ ᠪᠦᠭᠡᠳ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠬᠤ ᠬᠤᠰᠢᠭᠤ ᠰᠢᠶᠠᠨ ᠤ ᠶᠡᠭᠡ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠨᠡᠷ᠎ᠡ ᠮᠡᠳᠡᠭᠦᠯᠦᠯᠲᠡ ᠶᠢ ᠬᠦᠯᠢᠶᠡᠨ ᠠᠪᠴᠤ ᠭᠦᠢᠴᠡᠳᠬᠡᠬᠦ ᠬᠢᠷᠢ ᠬᠡᠮ ᠪᠣᠯᠣᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠴᠢᠭ᠋ ᠪᠠᠶᠢᠭᠤᠯᠬᠤ ᠬᠢᠷᠢ ᠬᠡᠮ ᠢ ᠨᠢ ᠴᠥᠮ ᠬᠠᠰᠤᠨ᠎ᠠ᠃ ᠡᠭᠦᠨ ᠤ ᠬᠠᠮᠲᠤ᠂ ᠲᠣᠭᠲᠠᠭᠠᠯ ᠠᠴᠠ ᠵᠥᠷᠢᠴᠡᠭᠰᠡᠨ ᠡᠯ᠎ᠡ ᠲᠥᠷᠥᠯ ᠤᠨ ᠦᠢᠯᠡ ᠠᠵᠢᠯᠯᠠᠭ᠎ᠠ ᠶᠢ ᠥᠪᠥᠷ ᠮᠣᠩᠭᠤᠯ ᠤᠨ ᠰᠣᠷᠣᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ᠪᠠᠷ ᠳᠠᠮᠵᠢᠨ ᠢᠯᠡᠴᠢᠯᠡᠨ ᠮᠡᠳᠡᠭᠦᠯᠬᠦ ᠪᠤᠶᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠢᠯᠡᠴᠢᠯᠡᠨ ᠮᠡᠳᠡᠭᠦᠯᠵᠦ ᠪᠣᠯᠤᠨ᠎ᠠ᠃ ᠢᠯᠡᠴᠢᠯᠡᠯᠲᠡ ᠨᠢ ᠦᠨᠡᠨ ᠪᠣᠳᠠᠲᠠᠢ ᠪᠣᠯ ᠠᠩᠬᠠᠳᠠᠭᠴᠢ ᠢᠯᠡᠴᠢᠯᠡᠨ ᠮᠡᠳᠡᠭᠦᠯᠦᠭᠴᠢ ᠶᠢ 1000 ᠲᠥᠭᠦᠷᠢᠭ ᠤᠨ ᠪᠡᠯᠡᠨ ᠵᠣᠭᠤᠰ ᠢᠶᠠᠷ ᠱᠠᠩᠨᠠᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号