ᠦᠢᠷ᠎ᠠ ᠳᠤ᠂ ᠤᠯᠠᠭᠠᠨᠴᠠᠪ ᠬᠤᠲᠠ ᠶᠢᠨ ᠴᠠᠬᠠᠷ ᠨᠡᠭᠡᠭᠡᠨ ᠬᠦᠭᠵᠢᠬᠦᠯᠦᠯᠲᠡ ᠶᠢᠨ ᠲᠤᠭᠤᠷᠢᠭ ᠤᠨ ᠲᠤᠮᠤ | ᠳ᠋ᠠᠶᠢᠲ᠋ᠠ ᠶᠢᠨ ᠠᠵᠤ ᠦᠢᠯᠡᠰ ᠤᠷᠤᠭᠰᠢᠲᠠᠶ ᠶᠠᠪᠤᠭᠳᠠᠵᠤ᠂ ᠭᠠᠳᠠᠷ ᠣᠷᠣᠨ ᠤ ᠣᠯᠠᠨ ᠺᠣᠮᠫᠠᠨᠢ ᠶᠢᠨ ᠲᠥᠯᠥᠭᠡᠯᠡᠭᠴᠢ | ᠢᠷᠡᠵᠤ ᠲᠦᠷᠦᠯ ᠵᠦᠢᠯ ᠢ ᠪᠠᠶᠢᠴᠠᠭᠠᠨ ᠵᠦᠪᠯᠡᠪᠡ᠃ | ᠪᠡᠭᠡᠵᠢᠩ ᠤᠨ ᠵᠦᠩ ᠯᠢᠶᠠᠨ ᠯᠢ ᠰᠢᠨ ᠮᠡᠳᠡᠭᠡ ᠵᠠᠩᠭᠢᠵᠢᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠬᠢᠵᠠᠭᠠᠷᠲᠤ ᠺᠣᠮᠫᠠᠨᠢ ᠠᠵᠢᠯᠲᠠᠨ ᠲᠤᠮᠢᠯᠠᠵᠤ᠂ ᠴᠠᠬᠠᠷ ᠨᠡᠭᠡᠭᠡᠨ ᠬᠦᠭᠵᠢᠬᠦᠯᠦᠯᠲᠡ ᠶᠢᠨ ᠲᠤᠭᠤᠷᠢᠭ ᠯᠤᠭ᠎ᠠ ᠵᠦᠩ | ᠯᠢᠶᠠᠨ ᠯᠢ ᠰᠢᠨ ᠲᠤᠮᠤ ᠳ᠋ᠠᠶᠢᠲ᠋ᠠ ᠶᠢᠨ ᠰᠠᠭᠤᠷᠢᠨ ᠭᠠᠵᠠᠷ ᠤᠨ ᠳᠦᠷᠦᠯ ᠵᠦᠢᠯ ᠢ ᠨᠠᠶᠢᠳᠠᠪᠤᠷᠢᠵᠢᠭᠤᠯᠬᠤ ᠤᠴᠢᠷ | ᠶᠠᠪᠤᠳᠠᠯ ᠤᠳ ᠤᠨ ᠲᠤᠬᠠᠢ ᠬᠦᠨᠵᠡᠭᠡᠢ ᠵᠦᠪᠳᠡᠯᠴᠡᠨ ᠨᠡᠪᠲᠡᠷᠡᠯᠴᠡᠵᠤ᠂ ᠬᠤᠶᠠᠷ ᠲᠠᠯ᠎ᠠ ᠪᠠᠷ ᠢᠶᠠᠨ ᠲᠦᠷᠦᠯ ᠵᠦᠢᠯ ᠤᠨ | ᠺᠣᠮᠫᠠᠨᠢ ᠶᠢ ᠳᠠᠩᠰᠠᠯᠠᠬᠤ᠂ ᠲᠦᠷᠦᠯ ᠵᠦᠢᠯ ᠲᠣᠭᠲᠠᠭᠠᠬᠤ᠂ ᠣᠷᠴᠢᠨ ᠲᠤᠭᠤᠷᠢᠨ ᠢ ᠦᠨᠡᠯᠡᠬᠦ᠂ ᠴᠢᠳᠠᠮᠵᠢ ᠶᠢ | ᠦᠨᠡᠯᠡᠬᠦ᠂ ᠠᠮᠤᠷ ᠲᠦᠪᠰᠢᠨ ᠢ ᠦᠨᠡᠯᠡᠬᠦ᠂ ᠪᠡᠯᠡ ᠮᠥᠩᠭᠦ ᠴᠤᠭᠯᠠᠭᠤᠯᠬᠤ᠂ ᠵᠠᠬ᠎ᠠ ᠳᠡᠯᠭᠡᠭᠦᠷ ᠤᠨ ᠪᠠᠶᠢᠷᠢ | ᠲᠤᠭᠲᠠᠭᠠᠬᠤ ᠂ ᠴᠢᠳᠠᠪᠤᠷᠢᠲᠠᠨ ︵ᠠᠵᠢᠯᠴᠢᠨ ᠬᠡᠷᠡᠭᠯᠡᠬᠦ︶᠂ ᠠᠮᠤᠷ ᠲᠦᠪᠰᠢᠨ ᠵᠡᠷᠭᠡ ᠵᠦᠢᠯᠡᠰ ᠤᠨ ᠠᠬᠢᠴᠠ ᠶᠢᠨ | ᠬᠤᠪᠢᠶᠠᠷᠢ ᠶᠢ ᠤᠯᠠᠮ ᠨᠢᠭᠡ ᠠᠯᠬᠤᠮ ᠲᠤᠭᠲᠠᠭᠠᠵᠤ᠂ ᠲᠦᠷᠦᠯ ᠵᠦᠢᠯ ᠤᠨ ᠠᠵᠢᠯ ᠡᠬᠢᠯᠡᠭᠦᠯᠦᠨ ᠪᠦᠲᠦᠭᠡᠨ | ᠪᠠᠶᠢᠭᠤᠯᠬᠤ ᠳᠤ ᠪᠠᠲᠤ ᠪᠠᠬᠢ ᠰᠠᠭᠤᠷᠢ ᠲᠠᠯᠪᠢᠵᠤ ᠦᠭᠪᠡ᠃ | ᠪᠡᠭᠡᠵᠢᠩ ᠤᠨ ᠵᠦᠩ ᠺᠧ ᠲᠦᠡᠭ ᠵᠸᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ | ᠶᠡᠷᠦᠩᠬᠡᠶ ᠳᠠᠭᠠᠭᠠᠮᠠᠯ ᠵᠢᠶᠠᠩ ᠺᠦᠨ᠂ ᠳᠡᠳ᠋ ᠳᠠᠭᠠᠭᠠᠮᠠᠯ ᠰᠦᠨ ᠰᠢᠤᠸᠠᠢ ᠬᠤᠢ ᠵᠡᠷᠭᠡ ᠬᠦᠮᠦᠰ ᠴᠠᠬᠠᠷ ᠨᠡᠭᠡᠭᠡᠨ | ᠬᠦᠭᠵᠢᠬᠦᠯᠦᠯᠲᠡ ᠶᠢᠨ ᠲᠤᠭᠤᠷᠢᠭ ᠲᠤ ᠢᠷᠡᠵᠤ ᠲᠦᠷᠦᠯ ᠵᠦᠢᠯ ᠢ ᠵᠦᠪᠯᠡᠪᠡ᠃ ᠴᠠᠬᠠᠷ ᠨᠡᠭᠡᠭᠡᠨ | ᠬᠦᠭᠵᠢᠬᠦᠯᠦᠯᠲᠡ ᠶᠢᠨ ᠲᠤᠭᠤᠷᠢᠭ ᠤᠨ ᠪᠣᠳᠠᠲᠠᠶ ᠭᠠᠵᠠᠷ ᠲᠤᠨᠢ ᠬᠦᠷᠴᠦ ᠰᠢᠨᠵᠢᠯᠡᠨ ᠪᠠᠶᠢᠴᠠᠭᠠᠬᠤ ᠪᠠ ᠶᠠᠷᠢᠯᠴᠠᠵᠤ | ᠰᠠᠨᠠᠯ ᠢᠶᠠᠨ ᠰᠤᠯᠢᠯᠴᠠᠬᠤ ᠪᠠᠷ ᠳᠠᠮᠵᠢᠨ᠂ ᠴᠠᠬᠠᠷ ᠨᠡᠭᠡᠭᠡᠨ ᠬᠦᠭᠵᠢᠬᠦᠯᠦᠯᠲᠡ ᠶᠢᠨ ᠲᠤᠭᠤᠷᠢᠭ — | ᠤᠯᠠᠭᠠᠨᠴᠠᠪ ᠤᠨ ᠵᠥᠩ ᠭᠤᠸᠠᠨ ᠼᠦᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠳᠤ | 3 ᠲᠦᠮᠡᠨ ᠦᠢᠯᠡᠴᠢᠯᠡᠭᠡᠨ ᠤ ᠮᠠᠰᠢᠨ ᠢ ᠪᠠᠭᠲᠠᠭᠠᠬᠤ ᠲᠤᠮᠤ ᠳ᠋ᠠᠶᠢᠲ᠋ᠠ ᠶᠢᠨ ᠲᠥᠪ ︵ᠰᠢᠨᠬᠤᠸᠠ ᠲᠦᠡᠭ ᠵᠸᠤ | ᠳ᠋ᠠᠶᠢᠲ᠋ᠠ ᠶᠢᠨ ᠲᠥᠪ︶ ᠤᠨ ᠲᠥᠷᠥᠯ ᠵᠦᠢᠯ ᠢ ᠪᠡᠯᠡ ᠣᠷᠣᠭᠤᠯᠤᠨ ᠰᠢᠨ᠎ᠡ ᠪᠠᠷ ᠪᠠᠶᠢᠭᠤᠯᠬᠤ ᠪᠠᠷ ᠲᠤᠭᠲᠠᠪᠠ᠂ | ᠤᠳᠤᠬᠠᠨ ᠳᠤ ᠬᠠᠮᠲᠤᠷᠠᠯᠴᠠᠭᠠᠨ ᠤ ᠵᠦᠪᠳᠡᠯᠴᠡᠭᠡᠷ ᠢ ᠤᠯᠠᠮ ᠨᠢᠭᠡ ᠠᠯᠬᠤᠮ ᠵᠦᠪᠯᠡᠯᠴᠡᠵᠤ ᠪᠤᠢ᠃ | ᠡᠾᠧᠪᠸᠢ ᠮᠤᠵᠢ ᠶᠢᠨ ᠪᠥᠸᠧ ᠶᠤᠸᠠᠢ ᠴᠢᠮᠡᠭᠡ ᠬᠤᠯᠪᠣᠭᠠᠨ ᠤ ᠮᠡᠷᠭᠡᠵᠢᠯ ᠤᠨ ᠬᠤᠪᠢ ᠤᠷᠤᠭᠤᠯᠤᠯᠲᠠ ᠶᠢᠨ | ᠬᠢᠵᠠᠭᠠᠷᠲᠤ ᠺᠣᠮᠫᠠᠨᠢ ᠤᠯᠠᠭᠠᠨᠴᠠᠪ ᠬᠤᠲᠠ ᠶᠢᠨ ᠦᠢᠯᠡᠴᠢᠯᠡᠭᠡᠨ ᠤ ᠭᠠᠳᠠᠭᠰᠢ ᠳᠠᠭᠠᠭᠠᠴᠢᠯᠠᠯᠲᠠ ᠶᠢᠨ ᠰᠠᠭᠤᠷᠢᠨ | ᠭᠠᠵᠠᠷ ᠲᠤ ᠰᠢᠨ᠎ᠡ ᠪᠠᠷ ᠪᠠᠶᠢᠭᠤᠯᠤᠭᠰᠠᠨ ᠳᠠᠭᠤᠳᠠᠯᠲᠠ ᠶᠢᠨ ᠲᠥᠪ ᠤᠨ 1000 ᠲᠥᠷᠥᠯ ᠵᠦᠢᠯ ᠨᠢ ᠴᠤ ᠡᠮᠬᠢ | ᠵᠢᠷᠤᠮ ᠲᠠᠢ ᠶᠠᠪᠤᠭᠳᠠᠵᠤ ᠪᠤᠢ᠃ | ᠣᠶᠢᠷ᠎ᠠ ᠶᠢᠨ ᠵᠢᠯ ᠤᠨ ᠲᠤᠷᠰᠢ᠂ ᠴᠠᠬᠠᠷ ᠨᠡᠭᠡᠭᠡᠨ ᠬᠦᠭᠵᠢᠬᠦᠯᠦᠯᠲᠡ ᠶᠢᠨ ᠲᠤᠭᠤᠷᠢᠭ ᠨᠢ ᠲᠤᠮᠤ ᠳ᠋ᠠᠶᠢᠲ᠋ᠠ᠂ | ᠡᠭᠦᠯᠡᠨ ᠪᠣᠳᠣᠯᠳᠠ᠂ ᠳᠠᠭᠤᠳᠠᠯᠲᠠ ᠶᠢᠨ ᠲᠥᠪ ︵ᠲᠤᠮᠤ ᠳ᠋ᠠᠶᠢᠲ᠋ᠠ ᠶᠢᠨ ᠬᠡᠷᠡᠭᠯᠡᠭᠡ︶ ᠵᠡᠷᠭᠡ ᠮᠡᠳᠡᠭᠡ ᠵᠠᠩᠭᠢ ᠶᠢᠨ | ᠠᠵᠤ ᠦᠢᠯᠡᠰ ᠤᠨ ᠲᠤᠭᠤᠷᠢᠨ ᠳᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠪᠦᠭᠦ | ᠬᠦᠴᠦ ᠪᠠᠷ ᠢᠶᠠᠨ ᠦᠷᠨᠢᠬᠦᠯᠵᠤ᠂ ᠬᠤᠸᠠ ᠸᠧᠶ ᠶᠢᠨ ᠨᠢᠭᠡᠳᠦᠭᠡᠷ ᠬᠤᠭᠤᠴᠠᠭᠠᠨ ᠤ ᠡᠵᠡᠩᠨᠡᠯᠲᠡ᠂ ᠬᠤᠶᠠᠳᠤᠭᠠᠷ | ᠬᠤᠭᠤᠴᠠᠭᠠᠨ ᠤ ᠠᠵᠢᠯ ᠡᠬᠢᠯᠡᠬᠦᠯᠬᠦ ᠪᠦᠳᠦᠭᠡᠨ ᠪᠠᠶᠢᠭᠤᠯᠤᠯᠲᠠ ᠶᠢ ᠳᠠᠭᠠᠯᠳᠤᠭᠤᠯᠤᠨ ᠬᠢᠵᠤ᠂ ᠤᠳᠠᠯ ᠦᠭᠡᠢ | ᠨᠠᠶᠢᠳᠠᠪᠤᠷᠢᠵᠢᠬᠤ ᠪᠠᠷ ᠪᠠᠶᠢᠭ᠎ᠠ ᠠᠯᠮᠤᠷᠠᠳ᠂ ᠵᠦᠩ ᠯᠢᠶᠠᠨ ᠯᠢ ᠰᠢᠨ᠂ ᠵᠦᠡᠭ ᠺᠧ ᠲᠦᠡᠭ ᠵᠸᠤ᠂ ᠹᠸᠡᠭ ᠴᠤᠤ | ᠪᠤᠳᠤᠯᠲᠠ᠂ ᠪᠦᠸᠧ ᠶᠤᠸᠠᠢ ᠴᠢᠮᠡᠭᠡ ᠬᠤᠯᠪᠣᠭ᠎ᠠ ᠵᠡᠷᠭᠡ ᠲᠣᠮᠣ ᠳ᠋ᠠᠶᠢᠲ᠋ᠠ᠂ ᠡᠭᠦᠯᠡᠨ ᠪᠣᠳᠣᠯᠳᠠ᠂ ᠳᠠᠭᠤᠳᠠᠯᠲᠠ ᠶᠢᠨ | ᠲᠥᠪ ᠤᠨ ᠨᠢᠭᠡ ᠪᠦᠯᠦᠭ ᠲᠥᠷᠥᠯ ᠵᠦᠢᠯ ᠨᠢ ᠤᠯᠠᠭᠠᠨᠴᠠᠪ ᠤᠨ ︽ᠲᠠᠯ᠎ᠠ ᠨᠤᠲᠤᠭ ᠤᠨ ᠡᠭᠦᠯᠡᠨ ᠬᠦᠨᠳᠡᠢ︾ ᠶᠢᠨ | ᠪᠠᠶᠢᠯᠳᠤᠬᠤ ᠪᠤᠳᠤᠯᠭ᠎ᠠ ᠶᠢᠨ ᠬᠠᠷᠠᠯᠲᠠ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠦᠭᠪᠡ᠃ |