ᠦᠪᠡᠷᠳᠡᠭᠡᠨ ᠵᠠᠰᠠᠬᠤ ᠤᠷᠤᠨ ᠤ ᠪᠦᠬᠦ ᠤᠯᠤᠰ ᠤᠨ ᠭᠠᠵᠠᠷ ᠵᠦᠢ ᠶᠢᠨ ᠤᠯᠤᠰ ᠤᠨ ᠪᠠᠶᠢᠳᠠᠯ ᠤᠨ ᠠᠩᠬᠠᠳᠤᠭᠠᠷ ᠤᠳᠠᠭ᠎ᠠ ᠶᠢᠨ ᠨᠡᠶᠢᠳᠡᠮ ᠪᠠᠶᠢᠴᠠᠭᠠᠯᠲᠠ ᠶᠢᠨ ᠦᠷ᠎ᠡ ᠳ᠋ᠦᠩ ᠢ ᠨᠡᠶᠢᠲᠡᠯᠡᠪᠡ
ᠨᠡᠶᠢᠲᠡᠯᠡᠭᠰᠡᠨ ᠴᠠᠭ᠄
2017/11/8
     ᠤᠶᠢᠷ᠎ᠠ ᠶᠢᠨ ᠡᠳᠤᠷ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠠᠴᠠ ᠰᠤᠨᠢᠨ ᠮᠡᠳᠡᠭᠡ ᠨᠡᠶᠢᠳᠡᠯᠡᠬᠦ ᠬᠤᠷᠠᠯ ᠬᠤᠷᠠᠯᠳᠤᠭᠤᠯᠵᠤ᠂ ᠦᠪᠡᠷᠳᠡᠭᠡᠨ ᠵᠠᠰᠠᠬᠤ ᠤᠷᠤᠨ ᠤ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠢᠩᠬᠢᠮ᠂ ᠦᠪᠡᠷᠳᠡᠭᠡᠨ ᠵᠠᠰᠠᠬᠤ ᠤᠷᠤᠨ ᠤ ᠭᠠᠵᠠᠷ ᠵᠦᠢ ᠶᠢᠨ ᠬᠡᠮᠵᠢᠨ ᠵᠢᠷᠤᠬᠤ ᠮᠡᠳᠡᠭᠡ ᠵᠠᠩᠬᠢ ᠶᠢᠨ ᠳᠤᠪᠴᠢᠶ᠎ᠠ᠂ ᠦᠪᠡᠷᠳᠡᠭᠡᠨ ᠵᠠᠰᠠᠬᠤ ᠤᠷᠤᠨ ᠤ ᠪᠦᠬᠦ ᠤᠯᠤᠰ ᠤᠨ ᠭᠠᠵᠠᠷ ᠵᠦᠢ ᠶᠢᠨ ᠤᠯᠤᠰ ᠤᠨ ᠪᠠᠶᠢᠳᠠᠯ ᠤᠨ ᠠᠩᠬᠠᠳᠤᠭᠠᠷ ᠤᠳᠠᠭ᠎ᠠ ᠶᠢᠨ ᠨᠡᠶᠢᠳᠡᠮ ᠪᠠᠶᠢᠴᠠᠭᠠᠯᠳᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠦᠪᠡᠷᠳᠡᠭᠡᠨ ᠵᠠᠰᠠᠬᠤ ᠤᠷᠤᠨ ᠤ ᠪᠦᠬᠦ ᠤᠯᠤᠰ ᠤᠨ ᠭᠠᠵᠠᠷ ᠵᠦᠢ ᠶᠢᠨ ᠤᠯᠤᠰ ᠤᠨ ᠪᠠᠶᠢᠳᠠᠯ ᠤᠨ ᠠᠩᠬᠠᠳᠤᠭᠠᠷ ᠤᠳᠠᠭ᠎ᠠ ᠶᠢᠨ  ᠨᠡᠶᠢᠳᠡᠮ ᠪᠠᠶᠢᠴᠠᠭᠠᠯᠳᠠ ᠶᠢᠨ ᠦᠷ᠎ᠡ ᠳ᠋ᠦᠩ ᠢ ᠨᠡᠶᠢᠳᠡᠯᠡᠪᠡ᠃      ᠤᠶᠢᠯᠠᠭᠠᠭᠰᠠᠨ ᠢᠶᠠᠷ᠂ ᠪᠦᠬᠦ ᠤᠯᠤᠰ ᠤᠨ ᠭᠠᠵᠠᠷ ᠵᠦᠢ ᠶᠢᠨ ᠤᠯᠤᠰ ᠤᠨ ᠪᠠᠶᠢᠳᠠᠯ ᠤᠨ ᠠᠩᠬᠠᠳᠤᠭᠠᠷ ᠤᠳᠠᠭ᠎ᠠ ᠶᠢᠨ ᠨᠡᠶᠢᠳᠡᠮ ᠪᠠᠶᠢᠴᠠᠭᠠᠯᠳᠠ ᠪᠤᠯ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠮᠠᠨ ᠤ ᠤᠯᠤᠰ ᠤᠨ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠰᠢᠨ᠎ᠡ ᠪᠠᠶᠢᠳᠠᠯ ᠳᠤ ᠰᠠᠭᠤᠷᠢᠯᠠᠨ ᠪᠠᠶᠢᠷᠢᠯᠠᠭᠤᠯᠤᠭᠰᠠᠨ ᠨᠢᠭᠡᠨ ᠴᠢᠬᠤᠯᠠ ᠶᠡᠭᠡ ᠤᠯᠤᠰ ᠤᠨ ᠪᠠᠶᠢᠳᠠᠯ ᠤᠯᠤᠰ ᠤᠨ ᠬᠦᠴᠦᠨ ᠤ ᠪᠠᠶᠢᠴᠠᠭᠠᠯᠳᠠ ᠪᠤᠯᠤᠨ᠎ᠠ᠂ ᠮᠦᠨᠴᠤ ᠤᠯᠤᠰ ᠤᠨ ᠪᠠᠶᠢᠳᠠᠯ ᠢ ᠤᠶᠢᠯᠠᠭᠠᠵᠤ᠂ ᠤᠯᠤᠰ ᠤᠨ ᠬᠦᠴᠦᠨ ᠢ ᠡᠵᠡᠮᠳᠡᠵᠤ᠂ ᠲᠦᠷᠦ ᠶᠢᠨ ᠪᠤᠳᠤᠯᠭ᠎ᠠ ᠳᠤᠭᠳᠠᠭᠠᠬᠤ ᠦᠨᠳᠦᠰᠦᠨ ᠴᠢᠨᠠᠷᠳᠠᠢ ᠠᠵᠢᠯ ᠮᠦᠨ᠃      ᠦᠪᠡᠷᠳᠡᠭᠡᠨ ᠵᠠᠰᠠᠬᠤ ᠤᠷᠤᠨ ᠤ ᠪᠦᠬᠦ ᠤᠯᠤᠰ ᠤᠨ ᠭᠠᠵᠠᠷ ᠵᠦᠢ ᠶᠢᠨ ᠤᠯᠤᠰ ᠤᠨ ᠪᠠᠶᠢᠳᠠᠯ ᠤᠨ ᠠᠩᠬᠠᠳᠤᠭᠠᠷ ᠤᠳᠠᠭ᠎ᠠ ᠶᠢᠨ ᠨᠡᠶᠢᠳᠡᠮ ᠪᠠᠶᠢᠴᠠᠭᠠᠯᠳᠠ ᠨᠢ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠪᠠᠶᠢᠷᠢᠯᠠᠭᠤᠯᠵᠤ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠠᠴᠠ ᠵᠤᠬᠢᠶᠠᠨ ᠪᠠᠶᠢᠭᠤᠯᠤᠨ ᠬᠡᠷᠡᠭᠵᠢᠬᠦᠯᠦᠭᠰᠡᠨ ᠨᠢᠭᠡᠨ ᠴᠢᠬᠤᠯᠠ ᠶᠡᠭᠡ ᠤᠷᠤᠨ ᠤ ᠪᠠᠶᠢᠳᠠᠯ ᠤᠨ ᠪᠠᠶᠢᠴᠠᠭᠠᠯᠳᠠ ᠮᠦᠨ᠂ ︽ᠨᠢᠭᠡᠳᠤᠯᠳᠠᠢ ᠲᠦᠯᠦᠪᠵᠢᠬᠦᠯᠵᠤ᠂ ᠨᠢᠭᠡᠳᠤᠯᠳᠠᠢ ᠵᠤᠬᠢᠶᠠᠨ ᠪᠠᠶᠢᠭᠤᠯᠵᠤ᠂ ᠳᠡᠰ ᠬᠤᠪᠢᠶᠠᠨ ᠬᠠᠮᠢᠶᠠᠷᠬᠤ︾ ᠵᠠᠷᠴᠢᠮ ᠢ ᠦᠨᠳᠦᠰᠦᠯᠡᠵᠤ᠂ 2013 ᠣᠨ ᠠᠴᠠ 2015 ᠣᠨ ᠪᠤᠯᠳᠠᠯ᠎ᠠ ᠭᠤᠷᠪᠠᠨ ᠵᠢᠯ ᠤᠨ ᠬᠤᠭᠤᠴᠠᠭ᠎ᠠ ᠲᠠᠢ ᠶᠠᠪᠤᠭᠳᠠᠵᠤ᠂ ᠪᠦᠬᠦ ᠳᠠᠯ᠎ᠠ ᠪᠠᠷ᠂ ᠦᠨᠡᠨ ᠪᠤᠳᠠᠳᠠᠢ᠂ ᠨᠠᠷᠢᠨ ᠨᠢᠭᠳᠠ᠂ ᠰᠢᠰᠲ᠋ᠧᠮ ᠲᠠᠢ ᠪᠠᠷ ᠮᠠᠨ ᠤ ᠤᠷᠤᠨ ᠤ ᠭᠠᠵᠠᠷ ᠵᠦᠢ ᠶᠢᠨ ᠤᠯᠤᠰ ᠤᠨ ᠪᠠᠶᠢᠳᠠᠯ ᠢ ᠲᠤᠳᠤᠷᠬᠠᠢ ᠪᠦᠷᠢᠳᠭᠡᠪᠡ᠃      ᠳᠤᠰ ᠤᠳᠠᠭ᠎ᠠ ᠶᠢᠨ ᠭᠠᠵᠠᠷ ᠵᠦᠢ ᠶᠢᠨ ᠤᠯᠤᠰ ᠤᠨ ᠪᠠᠶᠢᠳᠠᠯ ᠤᠨ ᠨᠡᠶᠢᠳᠡᠮ ᠪᠠᠶᠢᠴᠠᠭᠠᠯᠳᠠ ᠨᠢ᠂ 2015 ᠣᠨ ᠤ 6 ᠳ᠋ᠤᠭᠠᠷ ᠰᠠᠷ᠎ᠠ ᠶᠢᠨ 30᠎ ᠤ ᠡᠳᠦᠷ ᠢᠶᠠᠷ ᠪᠠᠷᠢᠮᠵᠢᠶ᠎ᠠ ᠴᠠᠭ ᠤᠨ ᠵᠠᠭᠠᠭ ᠪᠤᠯᠭᠠᠵᠤ᠂ ᠢᠯᠭᠠᠮᠵᠢ ᠶᠢᠨ ᠨᠤᠷᠮ᠎ᠠ ᠨᠢ 1 ᠮᠧᠲᠷ ᠠᠴᠠ ᠪᠠᠭ᠎ᠠ ᠠᠭᠠᠷ ᠠᠶᠠᠯᠠᠯ ᠰᠠᠨᠰᠠᠷ ᠠᠶᠠᠯᠠᠯ ᠤᠨ ᠠᠯᠤᠰ ᠡᠵᠡᠮᠰᠢᠯᠳᠤ ᠵᠢᠷᠤᠭ ᠲᠦᠷᠰᠦ ᠶᠢᠨ ᠳᠤᠭ᠎ᠠ ᠪᠠᠷᠢᠮᠳᠠ ᠶᠢ ᠠᠰᠢᠬᠯᠠᠵᠤ᠂ ᠦᠨᠳᠦᠰᠦᠨ ᠬᠡᠮᠵᠢᠨ ᠵᠢᠷᠤᠭᠰᠠᠨ ᠦᠷ᠎ᠡ ᠪᠦᠳᠦᠭᠡᠯ ᠤᠨ ᠳᠤᠭ᠎ᠠ ᠪᠠᠷᠢᠮᠳᠠ ᠲᠠᠢ ᠤᠶᠠᠯᠳᠤᠭᠤᠯᠵᠤ᠂ ᠤᠯᠤᠰ ᠤᠨ ᠭᠠᠵᠠᠷ ᠰᠢᠷᠦᠢ᠂ ᠤᠷᠤᠨ ᠰᠠᠭᠤᠴᠠ ᠪᠦᠳᠦᠭᠡᠨ ᠪᠠᠶᠢᠭᠤᠯᠤᠯᠳᠠ᠂ ᠠᠷᠠᠳ ᠤᠨ ᠶᠠᠪᠤᠳᠠᠯ᠂ ᠤᠢ ᠰᠢᠭᠤᠢ ᠶᠢᠨ ᠦᠢᠯᠡᠰ᠂ ᠲᠡᠷᠢᠶᠠᠯᠡᠩ᠂ ᠤᠰᠤᠨ ᠠᠰᠢᠬᠯᠠᠯᠳᠠ᠂ ᠵᠠᠮ ᠬᠠᠷᠢᠯᠴᠠᠭ᠎ᠠ ᠵᠡᠷᠭᠡ ᠤᠯᠠᠨ ᠠᠵᠢᠯ ᠲᠦᠷᠦᠯ ᠤᠨ ᠳᠤᠭ᠎ᠠ ᠪᠠᠷᠢᠮᠳᠠ ᠶᠢ ᠴᠤᠭᠯᠠᠭᠤᠯᠵᠤ᠂ 12 ᠨᠢᠭᠡᠳᠤᠭᠡᠷ ᠳᠡᠰ ᠤᠨ ᠲᠦᠷᠦᠯ᠂ 55 ᠬᠤᠶᠠᠳᠤᠭᠠᠷ ᠳᠡᠰ ᠤᠨ ᠲᠦᠷᠦᠯ᠂ 131 ᠭᠤᠷᠪᠠᠳᠤᠭᠠᠷ ᠳᠡᠰ ᠤᠨ ᠲᠦᠷᠦᠯ᠂ 93 ᠲᠦᠮᠡᠨ ᠭᠠᠵᠠᠷ ᠵᠦᠢ ᠶᠢᠨ ᠤᠯᠤᠰ ᠤᠨ ᠪᠠᠶᠢᠳᠠᠯ ᠤᠨ ᠡᠯᠧᠮᠧᠨ᠋ᠲ᠂ 904 ᠲᠦᠮᠡᠨ ᠭᠠᠵᠠᠷ ᠤᠨ ᠭᠠᠳᠠᠷᠭᠤ ᠶᠢᠨ ᠪᠦᠷᠬᠦᠯᠳᠡ ᠶᠢᠨ ᠵᠢᠷᠤᠭ ᠤᠨ ᠳᠤᠯᠪᠤ ᠪᠠᠷ ᠪᠥᠷᠢᠯᠳᠦᠭᠰᠡᠨ ᠦᠨᠳᠦᠷ ᠨᠠᠷᠢᠪᠴᠢᠯᠠᠯ ᠲᠠᠢ᠂ ᠪᠦᠬᠦᠨ ᠢ ᠪᠦᠷᠬᠦᠭᠰᠡᠨ ᠶᠡᠭᠡ ᠬᠡᠮᠵᠢᠶᠡᠨ ᠤ ᠭᠠᠵᠠᠷ ᠵᠦᠢ ᠶᠢᠨ ᠤᠯᠤᠰ ᠤᠨ ᠪᠠᠶᠢᠳᠠᠯ ᠤᠨ ᠳᠤᠭ᠎ᠠ ᠪᠠᠷᠢᠮᠳᠠ ᠶᠢ ᠤᠯᠪᠠ᠂ ᠡᠳᠡᠬᠡᠷ ᠦᠷ᠎ᠡ ᠳ᠋ᠦᠩ ᠨᠢ ᠳᠠᠷᠠᠭᠠᠴᠢ ᠶᠢᠨ ᠠᠯᠬᠤᠮ ᠤᠨ ᠪᠠᠶᠢᠡᠭᠭᠤᠵᠢᠭᠰᠠᠨ ᠭᠠᠵᠠᠷ ᠵᠦᠢ ᠶᠢᠨ ᠤᠯᠤᠰ ᠤᠨ ᠪᠠᠶᠢᠳᠠᠯ ᠤᠨ ᠬᠢᠨᠠᠨ ᠬᠡᠮᠵᠢᠯᠳᠡ ᠶᠢ ᠶᠠᠪᠤᠭᠳᠠᠭᠤᠯᠬᠤ ᠳᠤ ᠰᠠᠭᠤᠷᠢ ᠳᠠᠯᠪᠢᠵᠤ᠂ ᠠᠵᠤ ᠠᠬᠤᠢ ᠨᠡᠶᠢᠭᠡᠮ ᠤᠨ ᠬᠦᠭᠵᠢᠯᠳᠡ ᠪᠠ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠬᠡᠷᠡᠭᠴᠡᠭᠡ ᠶᠢ ᠬᠠᠨᠭ᠍ᠭᠠᠵᠤ᠂ ᠵᠠᠰᠠᠭ ᠤᠨ ᠤᠷᠳᠤᠨ᠂ ᠠᠵᠤ ᠠᠬᠤᠶᠢᠯᠠᠯ ᠪᠠ ᠤᠯᠠᠨ ᠨᠡᠶᠢᠳᠡ ᠳᠤ ᠦᠢᠯᠡᠴᠢᠯᠡᠬᠦ ᠭᠠᠵᠠᠷ ᠵᠦᠢ ᠶᠢᠨ ᠤᠯᠤᠰ ᠤᠨ ᠪᠠᠶᠢᠳᠠᠯ ᠤᠨ ᠮᠡᠳᠡᠭᠡ ᠵᠠᠩᠬᠢ ᠶᠢᠨ ᠴᠢᠳᠠᠪᠤᠷᠢ ᠶᠢ ᠳᠡᠭᠡᠭᠰᠢᠯᠡᠬᠦᠯᠬᠦ ᠳᠤ ᠴᠢᠬᠤᠯᠠ ᠠᠴᠢ ᠬᠤᠯᠪᠤᠭᠳᠠᠯ ᠲᠠᠢ ᠶᠦ᠋ᠮ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号