ᠤᠷᠴᠢᠮᠬᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠤ ᠤᠯᠤᠰ ᠤᠨ ᠳᠡᠰ ᠤᠨ ᠬᠤᠶᠠᠳᠤᠭᠠᠷ | ᠪᠦᠯᠦᠭ ᠤᠨ ᠤᠳᠤᠨ ᠡᠭᠦᠳᠦᠯᠲᠡ ᠶᠢᠨ ᠤᠷᠤᠨ ᠵᠠᠢ ᠶᠢᠨ ᠳᠠᠩᠰᠠᠯᠠᠯᠲᠠ ᠶᠢᠨ ᠨᠡᠷᠡᠰ ᠢ ᠵᠠᠷᠯᠠᠭᠰᠠᠨ ᠬᠤᠭᠤᠴᠠᠭ᠎ᠠ | ᠳᠠᠭᠤᠰᠴᠤ᠂ ᠨᠡᠷᠡᠰ ᠤᠨ ᠵᠢᠭᠰᠠᠭᠠᠯᠲᠠ ᠳᠤ᠂ ᠥᠪᠥᠷ ᠮᠣᠩᠭᠤᠯ ᠤᠨ ᠴᠢᠩ ᠱᠦᠢ ᠾᠧ ᠶᠢᠨ ᠯᠢᠤᠢ ᠪᠦᠸᠧ | ᠡᠯᠧᠺᠲᠷᠣᠨ ᠬᠤᠳᠠᠯᠳᠤᠭᠠᠨ ᠤ ᠨᠡᠪᠴᠢᠭᠦᠯᠦᠭᠦᠷ ᠤᠨ ᠤᠳᠤᠨ ᠡᠭᠦᠳᠦᠯᠲᠡ ᠶᠢᠨ ᠤᠷᠤᠨ ᠵᠠᠢ᠂ ᠲᠦᠷᠪᠡᠳ | ᠬᠠᠰᠢ ᠶᠢᠨ ᠠᠵᠤ ᠦᠢᠯᠡᠰᠵᠢᠭᠦᠯᠦᠯᠲᠡ ᠶᠢᠨ ᠤᠳᠤᠨ ᠡᠭᠦᠳᠦᠯᠲᠡ ᠶᠢᠨ ᠤᠷᠤᠨ ᠵᠠᠢ᠂ ᠯᠢᠤᠢ ᠬᠠᠶ ᠬᠤᠤ ᠺᠠᠩ | ᠤᠳᠤᠨ ᠡᠭᠦᠳᠦᠯᠲᠡ ᠶᠢᠨ ᠤᠷᠤᠨ ᠵᠠᠢ ᠵᠡᠷᠭᠡ 20 ᠤᠳᠤᠨ ᠡᠭᠦᠳᠦᠯᠲᠡ ᠶᠢᠨ ᠤᠷᠤᠨ ᠵᠠᠢ ᠨᠡᠷᠡᠰ ᠲᠤ | ᠵᠢᠭᠰᠠᠭᠠᠭᠳᠠᠵᠠᠶ᠃ ᠦᠨᠦ ᠪᠤᠯᠬᠤ ᠳᠤ᠂ ᠮᠠᠨ ᠤ ᠣᠷᠣᠨ ᠤ ᠤᠯᠤᠰ ᠤᠨ ᠲᠠᠰ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠰᠢᠰᠲ᠋ᠧᠮᠵᠢ ᠳᠤ | ᠤᠷᠤᠭᠤᠯᠤᠭᠰᠠᠨ ᠤᠳᠤᠨ ᠡᠭᠦᠳᠦᠯᠲᠡ ᠶᠢᠨ ᠤᠷᠤᠨ ᠵᠠᠢ 41 ᠡᠷᠦᠬᠡ ᠪᠤᠯᠪᠠ᠃ | ᠬᠥᠳᠡᠭᠡ ᠲᠣᠰᠬᠤᠨ ᠤ ᠰᠢᠨ᠎ᠡ ᠶᠢ ᠡᠭᠦᠳᠴᠦ ᠠᠳᠠᠯ ᠦᠢᠯᠡᠰ ᠴᠤᠭᠴᠠᠯᠠᠬᠤ᠂ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠶᠢ ᠲᠦᠯᠬᠢᠨ ᠠᠬᠢᠭᠤᠯᠬᠤ ᠳᠤᠮᠳᠠ ᠤᠳᠤᠨ ᠡᠭᠦᠳᠦᠯᠲᠡ ᠶᠢᠨ ᠤᠷᠤᠨ ᠵᠠᠢ ᠶᠢᠨ | ᠴᠢᠬᠤᠯᠠ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠶᠠᠳᠠᠭᠤ ᠶᠢ | ᠲᠡᠳᠬᠦᠬᠦ ᠠᠵᠢᠯᠯᠠᠭ᠎ᠠ ᠶᠢᠨ ᠬᠡᠷᠡᠭᠵᠢᠭᠦᠯᠦᠯᠲᠡ ᠶᠢ ᠭᠦᠨᠵᠡᠭᠡᠶ ᠲᠦᠯᠬᠢᠨ ᠠᠬᠢᠭᠤᠯᠬᠤ ᠶᠢᠨ ᠲᠤᠰᠠᠳᠠ᠂ ᠰᠢᠨᠵᠢᠯᠡᠬᠦ | ᠤᠬᠠᠭᠠᠨ ᠮᠡᠷᠭᠡᠵᠢᠯ ᠤᠨ ᠶᠠᠮᠤᠨ 2016 ᠣᠨ ᠳᠤ ᠤᠯᠤᠰ ᠤᠨ ᠲᠠᠰ ᠤᠨ ᠤᠳᠤᠨ ᠡᠭᠦᠳᠦᠯᠲᠡ ᠶᠢᠨ ᠤᠷᠤᠨ | ᠵᠠᠢ ᠶᠢᠨ ᠳᠠᠩᠰᠠᠯᠠᠯᠲᠠ ᠶᠢᠨ ᠠᠵᠢᠯ ᠢ ᠵᠢᠩᠬᠢᠨᠢ ᠪᠠᠷ ᠡᠬᠢᠯᠡᠭᠦᠯᠵᠦ᠂ ᠡᠯ᠎ᠡ ᠭᠠᠵᠠᠷ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠬᠠᠮᠢᠶᠠᠷᠤᠯᠲᠠ ᠶᠢᠨ ᠰᠠᠯᠠᠭ᠎ᠠ ᠮᠦᠴᠢᠷ ᠤᠳ ᠬᠡᠯᠪᠡᠷᠢ ᠨᠢ ᠰᠢᠨ᠎ᠡ ᠰᠡᠪᠡᠭᠦᠨ᠂ ᠦᠢᠯᠡᠴᠢᠯᠡᠭᠡ ᠨᠢ | ᠲᠤᠰᠬᠠᠶᠢᠵᠢᠭᠰᠠᠨ᠂ ᠡᠵᠡᠩᠨᠡᠯᠲᠡ ᠨᠢ ᠰᠠᠶᠢᠨ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ | ᠳᠤᠮᠳᠠ ᠴᠢᠬᠤᠯᠠ ᠦᠢᠯᠡᠳᠦᠯ ᠪᠠᠳᠠᠷᠠᠭᠤᠯᠵᠤ ᠴᠢᠳᠠᠬᠤ ᠪᠠ ᠲᠠᠷᠢᠶᠠᠴᠢᠳ ᠢ ᠳᠠᠶᠢᠴᠢᠯᠠᠨ ᠣᠷᠣᠯᠭ᠎ᠠ ᠶᠢ ᠨᠢ | ᠨᠡᠮᠡᠭᠳᠡᠭᠦᠯᠦᠨ ᠪᠠᠶᠠᠵᠢᠭᠤᠯᠬᠤ ᠢᠯᠡᠳᠲᠡ ᠦᠷ᠎ᠡ ᠪᠦᠲᠦᠮᠵᠢ ᠲᠠᠢ ᠤᠳᠤᠨ ᠡᠭᠦᠳᠦᠯᠲᠡ ᠶᠢᠨ ᠤᠷᠤᠨ ᠵᠠᠢ ᠶᠢ | ᠲᠠᠨᠢᠯᠴᠠᠭᠤᠯᠤᠨ ᠳᠠᠩᠰᠠᠯᠠᠭᠤᠯᠬᠤ ᠶᠢ ᠨᠢ ᠵᠤᠷᠢᠭᠵᠢᠭᠤᠯᠪᠠ᠃ ᠳᠠᠩᠰᠠᠯᠠᠭᠤᠯᠤᠭᠰᠠᠨ ᠤᠳᠤᠨ ᠡᠭᠦᠳᠦᠯᠲᠡ ᠶᠢᠨ | ᠤᠷᠤᠨ ᠵᠠᠢ ᠶᠢ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠠᠴᠠ ᠨᠡᠶᠢᠭᠡᠮ ᠳᠤ ᠨᠢᠭᠡᠳᠦᠯᠲᠡᠶ ᠨᠡᠶᠢᠲᠡᠯᠡᠬᠦ ᠶᠢᠨ | ᠬᠠᠮᠲᠤ ᠤᠯᠤᠰ ᠤᠨ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ ᠤᠨ | ᠬᠢᠨᠠᠨ ᠬᠡᠮᠵᠢᠬᠦ ᠪᠠ ᠦᠢᠯᠡᠴᠢᠯᠡᠭᠡᠨ ᠤ ᠰᠢᠰᠲ᠋ᠧᠮᠵᠢ ᠳᠤ ᠤᠷᠤᠭᠤᠯᠵᠤ᠂ ᠤᠯᠤᠰ ᠠᠴᠠ ᠲᠣᠭᠲᠠᠭᠠᠭᠰᠠᠨ ᠵᠣᠬᠢᠴᠠᠩᠭᠤᠶ | ᠬᠠᠷᠠᠭᠠᠯᠵᠠᠯ ᠦᠵᠡᠭᠦᠯᠬᠦ ᠲᠥᠷᠥ ᠶᠢᠨ ᠪᠤᠳᠤᠯᠭ᠎ᠠ ᠶᠢ ᠬᠦᠷᠲᠡᠭᠡᠨ᠎ᠡ᠃ | ᠤᠶᠢᠯᠠᠭᠠᠭᠰᠠᠨ ᠢᠶᠠᠷ᠂ 2016 ᠣᠨ ᠠᠴᠠ ᠡᠬᠢᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ | ᠶᠡᠷᠦᠩᠬᠡᠶ ᠪᠠᠶᠢᠷᠢᠯᠠᠭᠤᠯᠤᠯᠲᠠ ᠶᠣᠰᠣᠭᠠᠷ᠂ ᠪᠦᠬᠦ ᠣᠷᠣᠨ ᠤ ᠡᠯ᠎ᠡ ᠱᠠᠲᠤᠨ ᠤ ᠰᠢᠨᠵᠢᠯᠡᠬᠦ ᠤᠬᠠᠭᠠᠨ ᠮᠡᠷᠭᠡᠵᠢᠯ ᠤᠨ | ᠰᠠᠯᠠᠭ᠎ᠠ ᠮᠦᠴᠢᠷ ᠢ ᠵᠢᠯᠤᠭᠤᠳᠤᠨ ᠲᠤᠬᠠᠶ ᠶᠢᠨ ᠭᠠᠵᠠᠷ ᠤᠨ ᠡᠬᠢ ᠪᠠᠶᠠᠯᠢᠭ ᠤᠨ ᠳᠠᠪᠠᠭᠤᠯᠢᠭ ᠪᠠ ᠣᠨᠴᠠᠯᠢᠭ ᠲᠠᠢ | ᠤᠶᠠᠯᠳᠤᠭᠤᠯᠤᠨ᠂ ᠤᠳᠤᠨ ᠡᠭᠦᠳᠦᠯᠲᠡ ᠶᠢᠨ ᠤᠷᠤᠨ ᠵᠠᠢ ᠤᠨ ᠪᠦᠲᠦᠭᠡᠨ ᠪᠠᠶᠢᠭᠤᠯᠤᠯᠲᠠ ᠶᠢ ᠶᠡᠬᠡᠪᠡᠷ | ᠬᠥᠭᠵᠢᠭᠦᠯᠵᠦ᠂ ᠦᠢ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ ᠲᠦᠭ ᠲᠦᠮᠡ ᠪᠠᠷ ᠢᠶᠠᠨ ᠰᠢᠨ᠎ᠡ ᠶᠢ | ᠡᠭᠦᠳᠬᠦ ᠶᠢ ᠠᠬᠢᠭᠤᠯᠵᠤ᠂ ᠠᠰᠤᠷᠤ ᠠᠮᠵᠢᠯᠲᠠ ᠤᠯᠵᠤ᠂ ᠤᠳᠤᠨ ᠡᠭᠦᠳᠦᠯᠲᠡ ᠶᠢᠨ ᠤᠷᠤᠨ ᠵᠠᠢ ᠲᠤᠭ᠎ᠠ ᠬᠡᠵᠢᠶ᠎ᠡ | ᠯᠠᠪᠳᠠᠭᠤᠨ ᠢᠶᠠᠷ ᠨᠡᠮᠡᠭᠳᠡᠪᠡ᠃ ᠤᠳᠤ᠂ ᠥᠪᠡᠷᠲᠡᠭᠡᠨ ᠵᠠᠰᠠᠬᠤ ᠣᠷᠣᠨ ᠪᠦᠬᠦ ᠣᠷᠣᠨ ᠤ 12 ᠠᠶᠢᠮᠠᠭ ᠬᠤᠲᠠ ᠶᠢ | ᠬᠠᠮᠤᠷᠤᠭᠰᠠᠨ ᠤᠳᠤᠨ ᠡᠭᠦᠳᠦᠯᠲᠡ ᠶᠢᠨ ᠤᠷᠤᠨ ᠵᠠᠢ ᠶᠢ ᠨᠡᠶᠢᠲᠡ 142 ᠪᠠᠶᠢᠭᠤᠯᠵᠠᠢ᠃ |