ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠡ ᠬᠤᠷᠠᠯ ᠬᠢᠵᠦ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠠᠷᠪᠠᠳᠤᠭᠠᠷ ᠬᠤᠭᠤᠴᠠᠭᠠᠨ ᠤ ᠲᠦᠷᠪᠡᠳᠦᠭᠡᠷ ᠪᠦᠬᠦᠳᠡ ᠬᠤᠷᠠᠯ ᠢ ᠬᠤᠷᠠᠯᠳᠤᠭᠤᠯᠬᠤ ᠪᠠᠷ ᠳᠤᠭᠳᠠᠪᠠ
ᠨᠡᠶᠢᠲᠡᠯᠡᠭᠰᠡᠨ ᠴᠠᠭ᠄
2017/11/8
     11 ᠳ᠋ᠦ᠋ᠭᠡᠷ ᠰᠠᠷ᠎ᠠ ᠶᠢᠨ 7᠎ ᠤ ᠡᠳᠤᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠢᠵᠦ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠠᠷᠪᠠᠳᠤᠭᠠᠷ ᠬᠤᠭᠤᠴᠠᠭᠠᠨ ᠤ ᠲᠦᠷᠪᠡᠳᠦᠭᠡᠷ ᠪᠦᠬᠦᠳᠡ ᠬᠤᠷᠠᠯ ᠢ ᠬᠤᠷᠠᠯᠳᠤᠭᠤᠯᠬᠤ ᠬᠠᠮᠢᠶ᠎ᠠ ᠪᠦᠬᠦᠢ ᠵᠦᠢᠯᠡᠰ ᠢ ᠰᠤᠳᠤᠯᠵᠣ᠂ ᠤᠳᠤᠬᠠᠨ ᠤ ᠠᠵᠤ ᠠᠬᠤᠢ ᠶᠢᠨ ᠪᠠᠶᠢᠳᠠᠯ ᠪᠠ ᠠᠵᠤ ᠠᠬᠤᠢ ᠶᠢᠨ ᠠᠵᠢᠯ ᠢ ᠵᠠᠳᠠᠯᠤᠨ ᠰᠤᠳᠤᠯᠵᠤ᠂ ᠲᠦᠪ ᠤᠨ ᠪᠠ ᠦᠪᠡᠷᠳᠡᠭᠡᠨ ᠵᠠᠰᠠᠬᠤ ᠤᠷᠤᠨ ᠤ ᠴᠢᠬᠤᠯᠠ ᠶᠡᠭᠡ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠳᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠭᠰᠠᠨ ᠠᠵᠢᠯ ᠤᠨ ᠬᠠᠷᠢᠭᠤ ᠮᠡᠳᠡᠭᠦᠯᠦᠯᠳᠡ ᠶᠢ ᠰᠤᠨᠤᠰᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠎ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠡᡁᠧᠩ ᠬᠤᠷᠠᠯ ᠡᠷᠬᠢᠯᠡᠪᠡ᠃      ᠬᠤᠷᠠᠯ ᠠᠴᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠠᠷᠪᠠᠳᠤᠭᠠᠷ ᠬᠤᠭᠤᠴᠠᠭᠠᠨ ᠤ ᠲᠦᠷᠪᠡᠳᠦᠭᠡᠷ ᠪᠦᠬᠦᠳᠡ ᠬᠤᠷᠠᠯ ᠢ 11 ᠳ᠋ᠦ᠋ᠭᠡᠷ ᠰᠠᠷ᠎ᠠ ᠶᠢᠨ 9᠎ ᠤ ᠡᠳᠦᠷ ᠠᠴᠠ 10᠎ ᠤ ᠡᠳᠦᠷ ᠪᠤᠯᠳᠠᠯ᠎ᠠ ᠬᠦᠬᠡᠬᠤᠳᠠ ᠳᠤ ᠬᠤᠷᠠᠯᠳᠤᠭᠤᠯᠬᠤ ᠪᠠᠷ ᠳᠤᠭᠳᠠᠪᠠ᠃ ᠬᠤᠷᠠᠯ ᠤᠨ ᠭᠤᠤᠯ ᠡᠭᠦᠷᠭᠡ ᠪᠤᠯ᠄ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠳᠣᠣᠱᠯᠠᠭᠤᠯᠵᠣ᠂ ︽ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ ᠤᠬᠠᠭᠤᠯᠤᠨ ᠳᠣᠣᠱᠯᠠᠭᠤᠯᠵᠣ ᠴᠢᠨᠡᠭᠡᠯᠢᠭ ᠨᠡᠶᠢᠭᠡᠮ ᠢ ᠪᠦᠬᠦ ᠳᠠᠯ᠎ᠠ ᠪᠠᠷ ᠪᠡᠶᠡᠯᠡᠬᠦᠯᠬᠦ ᠰᠢᠢᠳᠪᠦᠷᠢᠳᠦ ᠢᠯᠠᠯᠳᠠ ᠶᠢ ᠤᠯᠵᠤ ᠦᠵᠡᠰᠭᠦᠯᠡᠩᠳᠤ ᠰᠠᠶᠢᠬᠠᠨ ᠦᠪᠦᠷ ᠮᠤᠩᠭᠤᠯ ᠤᠨ ᠪᠦᠳᠦᠭᠡᠨ ᠪᠠᠶᠢᠭᠤᠯᠬᠤ ᠶᠢ ᠲᠦᠷᠬᠡᠳᠭᠡᠬᠦ ᠳᠣᠬᠠᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠳᠣᠭᠳᠠᠭᠠᠯ︾᠎ ᠢ ᠬᠢᠨᠠᠨ ᠵᠦᠪᠯᠡᠵᠦ ᠪᠠᠳᠤᠯᠠᠨ᠂ ᠪᠦᠬᠦ ᠤᠷᠤᠨ ᠤ ᠡᠯ᠎ᠡ ᠱᠠᠳᠣᠨ ᠤ ᠨᠠᠮ ᠤᠨ ᠵᠤᠬᠢᠶᠠᠨ ᠪᠠᠶᠢᠭᠤᠯᠤᠯᠳᠠ ᠪᠠ ᠦᠷᠭᠡᠨ ᠤᠯᠠᠨ ᠡᠪ ᠬᠠᠮᠳᠤ ᠨᠠᠮ ᠤᠨ ᠬᠡᠰᠢᠭᠦᠨ ᠢ ᠳᠠᠶᠢᠴᠢᠯᠠᠨ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠶᠢᠨ ᠲᠤᠭᠤᠷᠢᠨ ᠳᠤ ᠨᠡᠩ ᠨᠢᠭᠳᠠᠷᠠᠨ ᠪᠦᠯᠬᠦᠮᠳᠡᠵᠤ᠂ ᠤᠭ ᠰᠠᠨᠠᠭ᠎ᠠ ᠪᠠᠨ ᠦᠯᠦ ᠮᠠᠷᠳᠠᠵᠣ᠂ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠵᠦ᠂ ᠴᠢᠨᠡᠭᠡᠯᠢᠭ ᠨᠡᠶᠢᠭᠡᠮ ᠢ ᠪᠦᠬᠦ ᠳᠠᠯ᠎ᠠ ᠪᠠᠷ ᠪᠡᠶᠡᠯᠡᠭᠦᠯᠬᠦ ᠰᠢᠢᠳᠪᠦᠷᠢᠳᠦ ᠢᠯᠠᠯᠳᠠ ᠶᠢ ᠤᠯᠬᠤ᠂ ᠤᠳᠤᠬᠢᠴᠢᠯᠠᠭᠰᠠᠨ ᠦᠪᠦᠷ ᠮᠤᠩᠭᠤᠯ ᠢ ᠪᠦᠬᠦ ᠳᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠪᠠᠷ ᠴᠦᠬᠦᠷᠡᠰᠢ ᠦᠭᠡᠢ ᠳᠡᠮᠡᠴᠡᠬᠦ ᠶᠠᠪᠣᠳᠠᠯ ᠪᠣᠯᠣᠨ᠎ᠠ᠃      ᠬᠤᠷᠠᠯ ᠠᠴᠠ ᠵᠢᠭᠠᠭᠰᠠᠨ ᠨᠢ᠂ ᠡᠨᠡ ᠵᠢᠯ ᠠᠴᠠ ᠨᠠᠰᠢ᠂ ᠪᠦᠬᠦ ᠤᠷᠤᠨ ᠳᠠᠶᠠᠭᠠᠷ ᠢᠶᠠᠨ ᠠᠵᠤ ᠠᠬᠤᠢ ᠶᠢᠨ ᠠᠵᠢᠯ ᠤᠨ ᠳᠣᠬᠠᠢ ᠲᠦᠪ ᠤᠨ ᠡᠯ᠎ᠡ ᠵᠦᠢᠯ ᠤᠨ ᠰᠢᠢᠳᠪᠦᠷᠢᠳᠦ ᠪᠣᠳᠤᠯᠭ᠎ᠠ ᠶᠢᠨ ᠪᠠᠶᠢᠷᠢᠯᠠᠭᠤᠯᠤᠯᠳᠠ ᠶᠢ ᠬᠦᠨᠵᠡᠭᠡᠢ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠲᠤᠭᠳᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠳᠤ ᠡᠵᠡᠮᠰᠢᠵᠦ᠂ ᠬᠠᠩᠭᠠᠯᠭ᠎ᠠ ᠶᠢᠨ ᠳᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠪᠠᠷ ᠭᠤᠤᠯ ᠰᠢᠵᠢᠮ ᠪᠤᠯᠭᠠᠬᠤ ᠶᠢ ᠪᠠᠷᠢᠮᠳᠠᠯᠠᠵᠣ᠂ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠡᠯ᠎ᠡ ᠵᠦᠢᠯ ᠤᠨ ᠠᠵᠢᠯ ᠎ ᠢ ᠯᠠᠪᠳᠠᠭᠤᠨ ᠪᠠᠳᠣᠳᠠᠢ ᠰᠠᠶᠢᠳᠤᠷ ᠬᠢᠵᠤ᠂ ᠠᠵᠤ ᠠᠬᠤᠢ ᠶᠢᠨ ᠠᠵᠢᠯᠯᠠᠭ᠎ᠠ ᠳᠤ ᠪᠦᠳᠦᠴᠡ ᠰᠢᠯᠢᠳᠡᠭ᠂ ᠦᠷ᠎ᠡ ᠠᠰᠢᠭ ᠰᠠᠶᠢᠨ᠂ ᠠᠮᠢᠵᠢᠷᠠᠯ ᠤᠨ ᠬᠦᠴᠦᠨ ᠬᠦᠢᠴᠡᠳ᠂ ᠴᠢᠨᠠᠷ ᠴᠢᠨᠰᠠᠭ᠎ᠠ ᠦᠨᠳᠦᠷ ᠰᠠᠶᠢᠨ ᠰᠠᠶᠢᠬᠠᠨ ᠬᠠᠨᠳᠣᠰᠢ ᠢᠯᠡᠷᠡᠵᠡᠢ᠃ ᠡᠭᠦᠨ ᠤ ᠬᠠᠮᠳᠤ᠂ ᠠᠵᠤ ᠠᠬᠤᠢ ᠶᠢᠨ ᠠᠵᠢᠯᠯᠠᠭ᠎ᠠ ᠶᠢᠨ ᠶᠠᠪᠤᠴᠠ ᠳᠤ ᠪᠠᠰᠠ ᠬᠦᠴᠢᠷᠳᠠᠯ ᠪᠠ ᠠᠰᠠᠭᠤᠳᠠᠯ ᠣᠷᠣᠰᠢᠵᠣ ᠪᠤᠢ᠃ ᠡᠯ᠎ᠡ ᠱᠠᠳᠤ ᠡᠯ᠎ᠡ ᠰᠠᠯᠠᠭ᠎ᠠ ᠮᠦᠴᠢᠷ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠡᠯ᠎ᠡ ᠵᠦᠢᠯ ᠤᠨ ᠠᠵᠢᠯ ᠤᠨ ᠵᠢᠯᠣᠭᠤᠳᠣᠮᠵᠢ ᠪᠤᠯᠭᠠᠬᠤ ᠶᠢ ᠪᠠᠷᠢᠮᠳᠠᠯᠠᠵᠣ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ︽ᠰᠢᠨ᠎ᠡ ᠬᠦᠭᠵᠢᠯᠳᠡ ᠶᠢᠨ ᠣᠨᠣᠯᠵᠢᠬᠤᠨ ᠢ ᠳᠣᠣᠱᠯᠠᠭᠤᠯᠵᠣ᠂ ᠤᠳᠤᠬᠢᠴᠢᠯᠠᠭᠰᠠᠨ ᠠᠵᠤ ᠠᠬᠤᠢ ᠶᠢᠨ ᠰᠢᠰᠲ᠋ᠧᠮᠵᠢ ᠶᠢ ᠪᠦᠳᠦᠭᠡᠨ ᠪᠠᠶᠢᠭᠤᠯᠬᠤ︾ ᠲᠤᠬᠠᠢ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠳᠠ ᠶᠢ ᠡᠷᠡᠰ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠲᠤᠭᠳᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠭᠡᠢ ᠬᠦᠭ ᠠᠶᠠᠰ ᠢ ᠪᠠᠷᠢᠮᠳᠠᠯᠠᠨ᠂ ᠢᠳᠡᠭᠡᠯ ᠵᠣᠷᠢᠭ ᠢᠶᠠᠨ ᠪᠠᠳᠤᠳᠬᠠᠨ᠂ ᠡᠷᠴᠢ ᠵᠤᠷᠢᠭ ᠢᠶᠠᠨ ᠬᠦᠪᠴᠢᠯᠡᠵᠦ᠂ ᠠᠷᠭ᠎ᠠ ᠬᠡᠮᠵᠢᠶ᠎ᠡ ᠪᠠᠨ ᠴᠢᠩᠭᠠᠷᠠᠭᠤᠯᠣᠨ᠂ ᠨᠠᠶᠢᠳᠠᠪᠣᠷᠢᠵᠢᠭᠤᠯᠤᠯᠳᠠ ᠶᠢ ᠴᠢᠩᠭ᠎ᠠ ᠠᠳᠬᠤᠵᠣ᠂ ᠵᠢᠯ ᠤᠨ ᠡᠴᠤᠰ ᠣᠨ ᠤ ᠡᠬᠢᠨ ᠤ ᠡᠯ᠎ᠡ ᠵᠦᠢᠯ ᠤᠨ ᠠᠵᠢᠯ ᠢ ᠪᠦᠬᠦ ᠬᠦᠴᠦᠡ ᠢᠶᠠᠷ ᠢᠶᠠᠨ ᠰᠠᠶᠢᠳᠤᠷ ᠬᠢᠬᠦ ᠬᠡᠷᠡᠭᠳᠠᠢ᠃ ᠠᠵᠤ ᠠᠬᠤᠢ ᠶᠢᠨ ᠨᠡᠮᠡᠭᠳᠡᠯ ᠢ ᠳᠣᠭᠳᠠᠪᠣᠷᠢᠵᠢᠭᠤᠯᠬᠤ ᠶᠢ ᠲᠤᠪᠤᠶᠢᠮ᠎ᠠ ᠪᠠᠶᠢᠷᠢᠨ ᠳᠤ ᠳᠠᠯᠪᠢᠵᠤ᠂ ᠠᠵᠤ ᠠᠬᠤᠢ ᠶᠢᠨ ᠠᠵᠢᠯᠯᠠᠭ᠎ᠠ ᠳᠠᠬᠢ ᠵᠠᠳᠠᠯᠤᠯᠳᠠ ᠬᠢᠨᠠᠨ ᠬᠡᠮᠵᠢᠯᠳᠡ ᠲᠤᠬᠢᠷᠠᠭᠤᠯᠭ᠎ᠠ ᠪᠠᠨ ᠴᠢᠩᠭᠠᠳᠬᠠᠵᠣ᠂ ᠲᠦᠭᠰᠢᠭᠦᠷᠢ ᠶᠢ ᠪᠦᠳᠦᠮᠵᠢᠳᠠᠢ ᠰᠡᠷᠭᠡᠶᠢᠯᠡᠨ᠂ ᠪᠦᠬᠦ ᠬᠦᠴᠦᠨ ᠢᠶᠠᠷ ᠢᠶᠠᠨ ᠪᠣᠭᠤᠮᠳᠠ ᠰᠢᠪᠳᠤᠯᠵᠤ᠂ ᠡᠯ᠎ᠡ ᠵᠦᠢᠯ ᠤᠨ ᠬᠠᠷᠠᠯᠳᠠ ᠡᠭᠦᠷᠭᠡ ᠪᠠᠨ ᠨᠡᠩ ᠰᠠᠶᠢᠳᠤᠷ ᠴᠢᠷᠮᠠᠶᠢᠨ ᠪᠡᠶᠡᠯᠡᠬᠦᠯᠬᠦ ᠬᠡᠷᠡᠭᠳᠠᠢ᠃ ᠠᠷᠠᠳ ᠤᠨ ᠠᠮᠢᠳᠤᠷᠠᠯ ᠤᠨ ᠠᠵᠢᠯ ᠪᠠ ᠨᠡᠶᠢᠬᠡᠮ ᠤᠨ ᠳᠤᠭᠳᠠᠭᠤᠨ ᠢ ᠬᠠᠮᠠᠭᠠᠯᠠᠬᠤ ᠠᠵᠢᠯ ᠢ ᠳᠡᠭᠡᠳᠦ ᠬᠡᠮᠵᠢᠶ᠎ᠡ ᠪᠠᠷ ᠬᠦᠨᠳᠦᠳᠭᠡᠵᠦ᠂ ᠶᠡᠭᠡ ᠬᠦᠴᠦ ᠣᠷᠣᠭᠤᠯᠣᠨ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ  ᠶᠢᠨ ᠠᠵᠢᠯ ᠢ ᠠᠬᠢᠭᠤᠯᠵᠤ᠂ ᠤᠯᠠᠨ ᠲᠦᠮᠡᠨ ᠤ ᠳᠣᠰ ᠪᠡᠶ᠎ᠡ ᠶᠢᠨ ᠠᠰᠢᠭ ᠲᠤᠰᠠ ᠲᠠᠢ ᠬᠤᠯᠪᠤᠭᠳᠠᠬᠤ ᠠᠰᠠᠭᠤᠳᠠᠯ ᠢ ᠬᠢᠨᠠᠮᠠᠭᠠᠢ ᠰᠢᠢᠳᠪᠦᠷᠢᠯᠡᠵᠦ᠂ ᠨᠡᠶᠢᠬᠡᠮ ᠤᠨ ᠡᠶ᠎ᠡ ᠵᠤᠬᠢᠴᠠᠩᠭᠤᠢ ᠳᠤᠭᠳᠠᠭᠤᠨ ᠢ ᠨᠦᠯᠦᠭᠡᠯᠡᠬᠦ ᠲᠤᠪᠤᠶᠢᠮ᠎ᠠ ᠠᠰᠠᠭᠤᠳᠠᠯ ᠢ ᠬᠢᠨᠠᠮᠠᠭᠠᠢ ᠰᠢᠢᠳᠪᠦᠷᠢᠯᠡᠵᠤ᠂ ᠬᠦᠴᠢᠷᠳᠡᠯᠳᠠᠢ ᠤᠯᠠᠨ ᠲᠦᠮᠡᠨ ᠪᠠ ᠭᠠᠮᠰᠢᠭᠳᠠᠭᠰᠠᠨ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠳᠣᠮᠳᠠᠬᠢ ᠪᠤᠳᠠᠳᠠᠢ ᠠᠰᠠᠭᠤᠳᠠᠯ ᠢ ᠬᠢᠨᠠᠮᠠᠭᠠᠢ ᠰᠢᠢᠳᠪᠦᠷᠢᠯᠡᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠵᠢᠷᠭᠠᠯᠳᠦ ᠲᠦᠷᠦᠭᠳᠡᠯ᠂ ᠬᠦᠷᠳᠡᠮᠵᠢᠳᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠨᠡᠮᠡᠭᠳᠡᠭᠦᠯᠬᠦ ᠬᠡᠷᠡᠭᠳᠠᠢ᠃ ᠨᠠᠮ ᠤᠨ ᠠᠷᠪᠡ ᠶᠢᠰᠦᠳᠦᠭᠡᠷ ᠶᠡᠭᠡ ᠬᠤᠷᠠᠯ ᠠᠴᠠ ᠲᠤᠷᠠᠳᠤᠭᠰᠠᠨ ᠠᠯᠢ ᠣᠯᠠᠨ ᠴᠢᠬᠤᠯᠠ ᠶᠡᠭᠡ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠶᠢ ᠳᠣᠣᠱᠯᠠᠭᠤᠯᠬᠤ ᠶᠢᠨ ᠲᠤᠭᠤᠷᠢᠨ ᠳᠤ᠂ ᠬᠦᠭᠵᠢᠯᠳᠡ ᠳᠡᠩᠴᠡᠭᠦᠷᠢ ᠦᠭᠡᠢ ᠬᠦᠢᠴᠡᠳ ᠪᠤᠰᠤ ᠪᠠᠶᠢᠬᠤ ᠠᠰᠠᠭᠤᠳᠠᠯ  ᠢ ᠰᠢᠢᠳᠪᠦᠷᠢᠯᠡᠬᠦ ᠶᠢᠨ ᠲᠤᠭᠤᠷᠢᠨ ᠳᠤ᠂ ᠭᠤᠤᠯᠳᠠᠯᠭ᠎ᠠ ᠶᠢ ᠠᠳᠬᠤᠬᠤ᠂ ᠳᠤᠳᠠᠭᠤᠳᠠᠯ ᠢᠶᠠᠨ ᠨᠦᠬᠦᠪᠦᠷᠢᠯᠡᠬᠦ᠂ ᠪᠠᠭᠤᠷᠠᠢ ᠵᠦᠢᠯ ᠢᠶᠠᠨ ᠴᠢᠩᠭᠠᠷᠠᠭᠤᠯᠬᠤ ᠶᠢᠨ ᠲᠤᠭᠤᠷᠢᠨ ᠳᠤ᠂ ᠢᠷᠡᠬᠦ ᠵᠢᠯ ᠤᠨ ᠠᠵᠤ ᠠᠬᠤᠢ ᠶᠢᠨ ᠠᠵᠢᠯ ᠢᠶᠠᠨ ᠰᠢᠨᠵᠢᠯᠡᠬᠦ ᠤᠬᠠᠭᠠᠨᠴᠢ ᠪᠠᠷ ᠲᠦᠯᠦᠪᠵᠢᠭᠦᠯᠵᠤ᠂ ᠢᠷᠡᠬᠦ ᠵᠢᠯ ᠤᠨ ᠭᠤᠤᠯᠳᠠᠯᠭ᠎ᠠ ᠲᠠᠢ ᠲᠦᠷᠦᠯ ᠵᠦᠢᠯ ᠎ ᠤᠨ ᠪᠦᠳᠦᠭᠡᠨ ᠪᠠᠶᠢᠭᠤᠯᠤᠯᠳᠠ ᠪᠠᠨ ᠡᠷᠳᠡ ᠠᠴᠠ ᠪᠠᠶᠢᠷᠢᠯᠠᠭᠤᠯᠵᠤ᠂ ᠢᠷᠡᠬᠦ ᠵᠢᠯ ᠤᠨ ᠠᠵᠢᠯ ᠳᠤ ᠰᠢᠨ᠎ᠡ ᠠᠮᠵᠢᠯᠳᠠ᠂ ᠰᠢᠨ᠎ᠡ ᠠᠭᠤᠷ ᠠᠮᠢᠰᠬᠤᠯ ᠲᠠᠢ ᠪᠠᠶᠢᠬᠤ ᠶᠢ ᠦᠨᠡᠨᠬᠦ ᠪᠠᠳᠣᠯᠠᠬᠤ ᠬᠡᠷᠡᠭᠳᠠᠢ ᠬᠡᠪᠠ᠃      ᠬᠤᠷᠠᠯ ᠠᠴᠠ ᠵᠢᠭᠠᠭᠰᠠᠨ ᠨᠢ᠂ ᠲᠦᠪ ᠤᠨ ᠪᠠ ᠦᠪᠡᠷᠳᠡᠭᠡᠨ ᠵᠠᠰᠠᠬᠤ ᠤᠷᠤᠨ ᠤ ᠴᠢᠬᠤᠯᠠ ᠶᠡᠭᠡ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠳᠠ ᠶᠢ ᠨᠠᠶᠢᠳᠠᠪᠤᠷᠢᠵᠢᠭᠤᠯᠣᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠪᠠᠷ ᠳᠠᠮᠵᠢᠭᠤᠯᠵᠤ᠂ ᠡᠨᠡ ᠵᠢᠯ ᠠᠴᠠ ᠨᠠᠰᠢ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠤᠨ ᠲᠦᠪ ᠎ ᠤᠨ ᠪᠠ ᠦᠪᠡᠷᠳᠡᠭᠡᠨ ᠵᠠᠰᠠᠬᠤ ᠤᠷᠤᠨ ᠤ ᠴᠢᠬᠤᠯᠠ ᠶᠡᠭᠡ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠳᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠴᠢᠨᠠᠭᠰᠢᠳᠠ ᠣᠨᠣᠪᠴᠢᠳᠠᠢ ᠣᠢᠢᠯᠠᠭᠠᠪᠠ᠃ ᠡᠨᠡ ᠣᠳᠠᠭ᠎ᠠ ᠶᠢᠨ ᠰᠢᠮᠳᠠᠭᠤᠯᠤᠨ ᠪᠠᠶᠢᠴᠠᠭᠠᠭᠰᠠᠨ ᠦᠷ᠎ᠡ ᠳ᠋ᠦᠩ ᠢ ᠭᠦᠢᠴᠡᠳ ᠠᠰᠢᠭᠯᠠᠵᠤ᠂ ᠡᠨᠡ ᠵᠢᠯ ᠤᠨ ᠠᠵᠢᠯ ᠢᠶᠠᠨ ᠳ᠋ᠦᠩᠨᠡᠬᠦ ᠪᠠ ᠢᠷᠡᠬᠦ ᠵᠢᠯ ᠤᠨ ᠬᠦᠭᠵᠢᠯᠳᠡ ᠪᠠᠨ ᠲᠦᠯᠦᠪᠵᠢᠭᠦᠯᠬᠦ ᠲᠠᠢ ᠤᠶᠠᠯᠳᠤᠭᠤᠯᠵᠣ᠂ ᠰᠢᠮᠳᠠᠭᠤᠯᠤᠨ ᠪᠠᠶᠢᠴᠠᠭᠠᠬᠤ ᠳᠤᠮᠳᠠ ᠣᠯᠵᠤ ᠮᠡᠳᠡᠭᠰᠡᠨ ᠰᠠᠶᠢᠨ ᠠᠷᠭ᠎ᠠ ᠬᠢᠳᠡᠯ ᠰᠠᠶᠢᠨ ᠲᠤᠷᠰᠢᠯᠭ᠎ᠠ ᠶᠢ ᠬᠢᠨᠠᠮᠠᠭᠠᠢ ᠳ᠋ᠦᠩᠨᠡᠵᠦ᠂ ᠤᠷᠤᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠨᠢᠭᠡᠳ ᠨᠢᠭᠡ ᠪᠠᠷ ᠬᠢᠨᠠᠮᠠᠭᠠᠢ ᠰᠤᠳᠤᠯᠵᠤ᠂ ᠴᠢᠭᠯᠡᠭᠦᠯᠦᠯᠳᠦ ᠴᠢᠨᠠᠷᠳᠠᠢ ᠪᠠᠷ ᠰᠢᠢᠳᠪᠦᠷᠢᠯᠡᠬᠦ ᠠᠷᠭ᠎ᠠ ᠬᠡᠮᠵᠢᠶ᠎ᠡ ᠳᠣᠷᠠᠳᠴᠣ᠂ ᠰᠢᠮᠳᠠᠭᠤᠯᠤᠨ ᠪᠠᠶᠢᠴᠠᠭᠠᠭᠰᠠᠨ ᠦᠷ᠎ᠡ ᠪᠦᠳᠦᠭᠡᠯ ᠢ ᠠᠰᠠᠭᠤᠳᠠᠯ ᠰᠢᠢᠳᠪᠦᠷᠢᠯᠡᠬᠦ ᠶᠢ ᠲᠦᠯᠬᠢᠨ ᠠᠬᠢᠭᠤᠯᠬᠤ᠂ ᠠᠵᠢᠯ ᠦᠢᠯᠡᠰ ᠤᠨ ᠬᠦᠭᠵᠢᠯᠳᠡ ᠶᠢ ᠠᠬᠢᠭᠤᠯᠬᠤ ᠳᠡᠭᠡᠷ᠎ᠡ ᠢᠯᠡᠷᠡᠭᠦᠯᠬᠦ ᠬᠡᠷᠡᠭᠳᠠᠢ ᠬᠡᠪᠠ᠃      ᠬᠤᠷᠠᠯ ᠳᠤ ᠪᠠᠰᠠ ᠪᠤᠰᠤᠳ ᠵᠦᠢᠯᠡᠰ ᠢ ᠰᠤᠳᠤᠯᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号