ᠲᠦᠷᠦᠯ ᠵᠦᠢᠯ ᠳᠤ 10 ᠳ᠋ᠦᠩᠰᠢᠭᠤᠷ ᠲᠥᠭᠦᠷᠢᠭ ᠤᠨ ᠶᠡᠷᠦᠩᠬᠡᠶ ᠪᠡᠯᠡ ᠣᠷᠣᠭᠤᠯᠵᠤ᠂ ᠡᠾᠧᠪᠸᠢ ᠶᠢᠨ | ᠯᠢᠶᠠᠨ ᠱᠧᠩ ᠭᠡᠷ ᠭᠠᠵᠠᠷ ᠬᠦᠷᠦᠩᠭᠡ ᠶᠢᠨ ᠨᠡᠭᠡᠭᠡᠨ ᠠᠰᠢᠭᠯᠠᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠠᠴᠠ | ᠪᠡᠯᠡ ᠣᠷᠣᠭᠤᠯᠵᠤ ᠪᠦᠳᠦᠭᠡᠨ ᠪᠠᠶᠢᠭᠤᠯᠤᠨ᠎ᠠ᠂ ᠣᠷᠣᠨ ᠭᠠᠵᠠᠷ ᠢ ᠨᠢ ᠬᠤᠸᠠ ᠲᠤᠭᠤᠯ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠲᠤ ᠰᠣᠩᠭᠤᠵᠠᠢ ᠂ 600 ᠮᠥ ᠲᠠᠯᠠᠪᠠᠶ ᠲᠠᠢ᠂ ᠭᠤᠣᠯ ᠨᠢ 100 ᠲᠦᠮᠡᠨ ᠢᠳᠡᠰᠢᠨ | ᠬᠤᠨᠢ ᠨᠢᠲᠤᠯᠵᠤ ᠨᠠᠷᠢᠨ ᠪᠣᠯᠪᠠᠰᠤᠷᠠᠭᠤᠯᠬᠤ᠂ ᠪᠤᠯᠭᠤᠭᠰᠠᠨ ᠬᠤᠨᠢᠨ ᠮᠢᠬ᠎ᠠ ᠶᠢ ᠨᠠᠷᠢᠯᠢᠭ ᠪᠣᠯᠪᠠᠰᠤᠷᠠᠭᠤᠯᠬᠤ᠂ | ᠬᠤᠨᠢᠨ ᠤ ᠪᠣᠷᠳᠤᠭ᠎ᠠ ᠪᠣᠯᠪᠠᠰᠤᠷᠠᠭᠤᠯᠬᠤ ᠦᠢᠯᠡᠳᠪᠦᠷᠢᠯᠡᠯ ᠤᠨ ᠱᠤᠭᠤᠮ ᠵᠢᠴᠢ ᠬᠦᠢᠲᠡᠨ ᠬᠡᠯᠬᠢᠶᠡᠲᠦ ᠪᠠᠷᠠᠭᠠᠨ ᠤ | ᠭᠦᠢᠯᠭᠡᠭᠡ ᠵᠡᠷᠭᠡ ᠶᠢ ᠪᠠᠶᠢᠭᠤᠯᠤᠨ᠎ᠠ᠃ ᠲᠦᠷᠦᠯ ᠵᠦᠢᠯ ᠢ ᠪᠦᠳᠦᠭᠡᠠ ᠪᠠᠶᠢᠭᠤᠯᠬᠤ ᠬᠤᠭᠤᠴᠠᠭ᠎ᠠ ᠨᠢ 2 ᠵᠢᠯ | ᠪᠣᠯᠣᠨ᠎ᠠ᠂ ᠵᠢᠱᠢᠯᠲᠡ ᠪᠠᠷ 2018 ᠣᠨ ᠤ 5 ᠳ᠋ᠤᠭᠠᠷ ᠰᠠᠷ᠎ᠠ ᠠᠴᠠ ᠠᠵᠢᠯ ᠡᠬᠢᠯᠡᠭᠦᠯᠦᠨ ᠪᠥᠳᠥᠭᠡᠨ ᠪᠠᠶᠢᠭᠤᠯᠵᠤ᠂ | 2020 ᠣᠨ ᠤ 10 ᠳ᠋ᠤᠭᠠᠷ ᠰᠠᠷ᠎ᠠ ᠠᠴᠠ ᠡᠮᠦᠨ᠎ᠡ ᠠᠰᠢᠭᠯᠠᠯᠲᠠ ᠳᠤ ᠣᠷᠣᠭᠤᠯᠣᠨ᠎ᠠ᠃ ᠳᠦᠷᠦᠯ ᠵᠦᠢᠯ ᠢ | ᠠᠰᠢᠭᠯᠠᠯᠲᠠ ᠳᠤ ᠣᠷᠣᠭᠤᠯᠤᠭᠰᠠᠨ ᠤ ᠲᠠᠷᠠᠭ᠎ᠠ᠂ 30 ᠳ᠋ᠦᠩᠰᠢᠭᠤᠷ ᠲᠥᠭᠦᠷᠢᠭ ᠤᠨ ᠪᠣᠷᠣᠯᠠᠭᠤᠯᠭ᠎ᠠ ᠶᠢᠨ | ᠣᠷᠣᠯᠭ᠎ᠠ᠂ 2 ᠳ᠋ᠦᠩᠰᠢᠭᠤᠷ ᠲᠥᠭᠦᠷᠢᠭ ᠤᠨ ᠠᠰᠢᠭ ᠭᠠᠶᠢᠯᠢ ᠶᠢ ᠪᠡᠶᠡᠯᠡᠭᠦᠯᠵᠦ᠂ 500 ᠬᠥᠮᠦᠨ ᠳᠤ ᠠᠵᠢᠯ | ᠣᠯᠭᠤᠨ᠎ᠠ᠃ ᠲᠤᠰ ᠲᠦᠷᠦᠯ ᠵᠦᠢᠯ ᠢ ᠠᠮᠵᠢᠯᠲᠠ ᠲᠠᠢ ᠪᠠᠷ ᠣᠷᠣᠭᠤᠯᠤᠭᠰᠠᠨ ᠶᠠᠪᠤᠳᠠᠯ ᠨᠢ᠂ ᠮᠠᠯ ᠠᠵᠤ | ᠠᠬᠤᠶ ᠶᠢᠨ ᠠᠵᠤ ᠦᠢᠯᠡᠰ ᠤᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠬᠦ᠂ ᠠᠵᠤ ᠦᠢᠯᠡᠰ ᠤᠨ | ᠬᠡᠯᠬᠢᠶᠡᠵᠢᠯ ᠢ ᠥᠷᠭᠡᠳᠬᠡᠵᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠶᠢ ᠠᠬᠢᠭᠤᠯᠬᠤ | ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ |