11 ᠳ᠋ᠦ᠋ᠭᠡᠷ ᠰᠠᠷ᠎ᠠ ᠶᠢᠨ 8 ᠤ ᠡᠳᠦᠷ᠂ ᠪᠦᠬᠦ ᠤᠷᠤᠨ ᠤ ᠤᠯᠤᠰ ᠤᠨ ᠬᠢᠨᠠᠨ ᠪᠠᠶᠢᠴᠠᠭᠠᠬᠤ | ᠪᠠᠶᠢᠭᠤᠯᠤᠮᠵᠢ ᠶᠢᠨ ᠦᠭᠡᠷᠡᠴᠢᠯᠡᠯᠳᠡ ᠶᠢ ᠭᠦᠨᠵᠡᠭᠡᠶᠢᠷᠡᠭᠦᠯᠬᠦ ᠲᠤᠷᠰᠢᠯᠳᠠ ᠶᠢᠨ ᠴᠢᠭ᠋ ᠤᠨ ᠠᠵᠢᠯ ᠤᠨ ᠪᠤᠯᠪᠠᠰᠤᠷᠠᠯ ᠤᠨ | ᠬᠤᠷᠠᠯ ᠬᠦᠬᠡᠬᠤᠳᠠ ᠳᠤ ᠬᠤᠷᠠᠯᠳᠤᠵᠤ᠂ ᠤᠯᠤᠰ ᠤᠨ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ | ᠦᠭᠡᠷᠡᠴᠢᠯᠡᠯᠳᠡ ᠶᠢᠨ ᠲᠤᠬᠠᠢ ᠲᠤᠷᠰᠢᠯᠳᠠ ᠶᠢᠨ ᠠᠵᠢᠯ ᠢ ᠭᠦᠨᠵᠡᠭᠡᠶᠢᠷᠡᠭᠦᠯᠬᠦ ᠲᠦᠪ ᠤᠨ ᠬᠠᠮᠢᠶ᠎ᠠ ᠪᠦᠬᠦᠢ ᠵᠤᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠤᠷᠤᠨ ᠤ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ | ᠦᠭᠡᠷᠡᠴᠢᠯᠡᠯᠳᠡ ᠶᠢᠨ ᠲᠤᠷᠰᠢᠯᠳᠠ ᠶᠢᠨ ᠴᠢᠭ᠋ ᠤᠨ ᠠᠵᠢᠯ ᠢ ᠳᠠᠶᠢᠴᠢᠯᠠᠨ ᠪᠤᠯᠪᠠᠰᠤᠷᠠᠯ ᠬᠢᠪᠠ᠃ ᠦᠪᠡᠷᠳᠡᠭᠡᠨ | ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠬᠤᠷᠠᠯ ᠳᠤ ᠤᠷᠤᠯᠴᠠᠭᠰᠠᠨ ᠤ ᠬᠠᠮᠳᠤ ᠶᠠᠷᠢᠶ᠎ᠠ ᠲᠠᠯᠪᠢᠪᠠ᠃ | ᠳᠡᠷᠡ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠲᠤᠭᠤᠷᠢᠨ ᠳᠤ ᠨᠡᠩ | ᠨᠢᠬᠳᠠᠷᠠᠨ ᠪᠦᠯᠬᠦᠮᠳᠡᠵᠤ᠂ ᠦᠵᠡᠯ ᠰᠠᠨᠠᠭ᠎ᠠ ᠪᠠᠨ ᠨᠢᠭᠡᠳᠭᠡᠨ᠂ ᠯᠠᠪᠳᠠᠭᠤᠨ ᠪᠠᠳᠤᠳᠠᠢ ᠠᠬᠢᠭᠤᠯᠵᠤ᠂ ᠤᠯᠤᠰ ᠤᠨ | ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠦᠭᠡᠷᠡᠴᠢᠯᠡᠯᠳᠡ ᠶᠢᠨ ᠲᠤᠷᠰᠢᠯᠳᠠ ᠶᠢᠨ ᠴᠢᠭ᠋ ᠤᠨ ᠡᠭᠦᠷᠭᠡ ᠶᠢ ᠦᠨᠳᠦᠷ | ᠪᠠᠷᠢᠮᠵᠢᠶ᠎ᠠ ᠪᠠᠷ ᠪᠡᠶᠡᠯᠡᠭᠦᠯᠵᠤ᠂ ᠪᠤᠳᠠᠳᠤ ᠠᠵᠢᠯᠯᠠᠭ᠎ᠠ ᠪᠠᠷ ᠢᠶᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ | ᠵᠤᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠦᠪ ᠬᠤᠷᠢᠶ᠎ᠠ ᠳᠤ ᠨᠢᠭᠡ ᠬᠤᠪᠢ ᠬᠢᠷᠢ | ᠲᠡᠩᠴᠡᠭᠰᠡᠨ ᠬᠠᠭᠤᠳᠠᠰᠦ ᠲᠤᠰᠢᠶᠠᠬᠤ ᠬᠡᠷᠡᠭᠳᠡᠢ ᠬᠡᠵᠤ ᠴᠢᠬᠤᠯᠠᠴᠢᠯᠠᠪᠠ᠃ | ᠦᠪᠡᠷᠳᠡᠭᠡᠨ ᠵᠠᠰᠠᠬᠤ ᠤᠷᠤᠨ ᠤ ᠤᠳᠤᠷᠢᠳᠤᠯᠭ᠎ᠠ ᠯᠢ ᠵᠢᠶᠠ᠂ ᠵᠠᠩ ᠵᠢᠶᠠᠨ ᠮᠢᠨ᠂ ᠽᠧᠩ ᠢ ᠴᠦᠨ᠂ ᠵᠠᠩ | ᠶᠤᠸᠠᠨ ᠵᠦᠩ᠂ ᠯᠢ ᠵᠢᠶ᠋ᠧ ᠰᠢᠶᠠᠩ᠂ ᠬᠤᠷᠴᠠ ᠪᠤᠯᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ | ᠬᠤᠷᠢᠶ᠎ᠠ ᠶᠢᠨ ᠪᠠᠶᠢᠴᠠᠭᠠᠬᠤ ᠲᠠᠷᠤᠭ᠎ᠠ ᠮᠠ ᠶᠦᠩ ᠱᠧᠩ ᠬᠤᠷᠠᠯ ᠳᠤ ᠤᠷᠤᠯᠴᠠᠵᠤ᠂ ᠦᠪᠡᠷᠳᠡᠭᠡᠨ ᠵᠠᠰᠠᠬᠤ ᠤᠷᠤᠨ | ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠱᠦᠵᠢ ᠯᠢᠦ | ᠴᠢ ᠹᠠᠨ ᠬᠤᠷᠠᠯ ᠢ ᠡᠷᠬᠢᠯᠡᠪᠡ᠃ | ᠯᠢ ᠵᠢᠢ ᠾᠧᠩ᠂ ᠤᠯᠤᠰ ᠤᠨ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠦᠭᠡᠷᠡᠴᠢᠯᠡᠯᠳᠡ ᠶᠢ | ᠭᠦᠨᠵᠡᠭᠡᠶᠢᠷᠡᠭᠦᠯᠬᠦ ᠪᠤᠯ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠠᠴᠠ | ᠲᠤᠭᠲᠠᠭᠠᠭᠰᠠᠨ ᠴᠢᠬᠤᠯᠠ ᠶᠡᠭᠡ ᠰᠢᠢᠳᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠲᠠ ᠪᠣᠯᠣᠨ᠎ᠠ᠂ ᠳᠡᠷᠡ ᠨᠢ ᠠᠯᠤᠰ | ᠬᠡᠳᠦ ᠳᠤ ᠬᠠᠷᠠᠭ᠎ᠠ ᠳᠠᠯᠪᠢᠵᠣ᠂ ᠪᠦᠬᠦ ᠲᠠᠯ᠎ᠠ ᠲᠠᠢ ᠬᠤᠯᠪᠤᠬᠳᠠᠭᠰᠠᠨ ᠴᠢᠬᠤᠯᠠ ᠶᠡᠭᠡ ᠤᠯᠤᠰ ᠲᠦᠷᠦ ᠶᠢᠨ | ᠪᠠᠶᠢᠭᠤᠯᠤᠮᠵᠢ ᠶᠢᠨ ᠦᠭᠡᠷᠡᠴᠢᠯᠡᠯᠳᠡ ᠪᠤᠯᠤᠨ᠎ᠠ᠃ ᠦᠭᠡᠷᠡᠴᠢᠯᠡᠯᠳᠡ ᠶᠢᠨ ᠲᠤᠷᠰᠢᠯᠳᠠ ᠶᠢᠨ ᠴᠢᠭ᠋ ᠢ ᠦᠷᠭᠡᠳᠭᠡᠭᠦ ᠨᠢ᠂ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ᠂ | ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠦᠭᠵᠢᠭᠦ ᠶᠢ ᠠᠬᠢᠭᠤᠯᠬᠤ᠂ ᠢᠯᠵᠢᠷᠠᠯ ᠢ | ᠡᠰᠡᠷᠭᠦᠴᠡᠭᠦ ᠲᠡᠮᠡᠴᠡᠯ ᠤᠨ ᠢᠪ ᠳᠠᠷᠤᠬᠤ ᠪᠠᠶᠢᠳᠠᠯ ᠢ ᠪᠠᠬᠢᠵᠢᠭᠦᠯᠦᠨ ᠭᠦᠨᠵᠡᠭᠡᠶᠢᠷᠡᠭᠦᠯᠬᠦ ᠴᠢᠬᠤᠯᠠ ᠶᠡᠭᠡ ᠪᠠᠶᠢᠯᠳᠤᠬᠤ | ᠪᠤᠳᠤᠯᠭ᠎ᠠ ᠶᠢᠨ ᠠᠷᠭ᠎ᠠ ᠪᠤᠳᠤᠯᠭ᠎ᠠ ᠪᠤᠯᠬᠤ ᠪᠦᠭᠡᠳ ᠲᠤᠮᠳᠠᠳᠤ ᠤᠯᠤᠰ ᠤᠨ ᠤᠨᠴᠠᠯᠢᠭ ᠲᠠᠢ ᠤᠯᠤᠰ ᠤᠨ ᠬᠢᠨᠠᠨ | ᠪᠠᠶᠢᠴᠠᠭᠠᠬᠤ ᠪᠠᠶᠢᠭᠤᠯᠤᠮᠵᠢ ᠶᠢ ᠲᠡᠭᠦᠯᠳᠡᠷᠵᠢᠭᠦᠯᠵᠦ᠂ ᠨᠠᠮ ᠪᠤᠯᠤᠨ ᠤᠯᠤᠰ ᠤᠨ ᠲᠤᠰ ᠪᠡᠶ᠎ᠡ ᠶᠢᠨ ᠬᠢᠨᠠᠯᠳᠠ ᠶᠢ | ᠴᠢᠩᠭᠠᠷᠠᠭᠤᠯᠬᠤ ᠳᠤ ᠲᠦᠢᠯ ᠤᠨ ᠴᠢᠬᠤᠯᠠ ᠠᠴᠢ ᠬᠤᠯᠪᠤᠬᠳᠠᠯ ᠲᠠᠢ ᠶᠤᠮ᠃ ᠦᠪᠡᠷᠳᠡᠭᠡᠨ ᠵᠠᠰᠠᠬᠤ ᠤᠷᠤᠨ᠂ | ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠤᠭᠤᠷᠢᠭ︶ ᠭᠤᠷᠪᠠᠨ ᠱᠠᠳᠤᠨ ᠤ ᠨᠠᠮ ᠤᠨ ᠬᠤᠷᠢᠶ᠎ᠠ᠂ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠤᠷᠳᠤᠨ ᠵᠢᠴᠢ | ᠬᠠᠮᠢᠶ᠎ᠠ ᠪᠦᠬᠦᠢ ᠰᠠᠯᠠᠭ᠎ᠠ ᠮᠦᠴᠢᠷ ᠲᠠᠨᠢᠯᠳᠠ ᠪᠠᠨ ᠲᠡᠭᠡᠭᠰᠢᠯᠡᠭᠦᠯᠦᠨ᠂ ᠬᠠᠮᠳᠤ ᠶᠢᠨ ᠲᠠᠨᠢᠯᠳᠠ ᠪᠠᠨ ᠨᠢᠬᠳᠠᠷᠠᠭᠤᠯᠵᠤ᠂ | ᠤᠯᠤᠰ ᠲᠦᠷᠦ ᠶᠢᠨ ᠴᠢᠭᠯᠡᠯ ᠢ ᠪᠠᠳᠤ ᠡᠵᠡᠮᠰᠢᠨ᠂ ᠠᠵᠢᠯᠯᠠᠭ᠎ᠠ ᠶᠢᠨ ᠠᠯᠬᠤᠮ ᠢᠶᠠᠨ ᠨᠢᠭᠡᠳᠭᠡᠵᠤ᠂ ᠲᠡᠭᠡᠳᠦ | ᠬᠡᠮᠵᠢᠶᠠᠨ ᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠠ ᠠᠵᠢᠯᠯᠠᠭᠠᠨ ᠤ ᠤᠬᠠᠮᠰᠠᠷ ᠢᠶᠠᠷ | ᠡᠨᠡᠬᠦ ᠪᠦᠬᠦ ᠲᠠᠯ᠎ᠠ ᠲᠠᠢ ᠬᠤᠯᠪᠤᠬᠳᠠᠬᠰᠠᠨ ᠴᠢᠬᠤᠯᠠ ᠶᠡᠭᠡ ᠤᠯᠤᠰ ᠲᠦᠷᠦ ᠶᠢᠨ ᠪᠠᠶᠢᠭᠤᠯᠤᠮᠵᠢ ᠶᠢᠨ | ᠦᠭᠡᠷᠡᠴᠢᠯᠡᠯᠳᠡ ᠶᠢ ᠪᠤᠳᠠᠳᠠᠢ ᠨᠠᠷᠢᠯᠢᠭ ᠰᠠᠶᠢᠲᠤᠷ ᠠᠳᠬᠤᠬᠤ ᠬᠡᠷᠡᠭᠳᠡᠢ ᠬᠡᠵᠤ ᠵᠢᠭᠠᠵᠤ ᠭᠠᠷᠭᠠᠪᠠ᠃ | ᠯᠢ ᠵᠢᠢ ᠾᠧᠩ᠂ ᠤᠯᠤᠰ ᠤᠨ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠦᠭᠡᠷᠡᠴᠢᠯᠡᠯᠳᠡ ᠶᠢ | ᠭᠦᠨᠵᠡᠭᠡᠶᠢᠷᠡᠭᠦᠯᠬᠦ ᠲᠤᠷᠰᠢᠯᠳᠠ ᠶᠢᠨ ᠠᠵᠢᠯ ᠨᠢ ᠴᠠᠭ ᠪᠠᠴᠢᠮ᠂ ᠡᠭᠦᠷᠭᠡ ᠬᠦᠨᠳᠦ᠂ ᠱᠠᠭᠠᠷᠳᠠᠯᠭ᠎ᠠ ᠦᠨᠳᠦᠷ ᠶᠤᠮ᠃ | ᠡᠯ᠎ᠠ ᠱᠠᠳᠤᠨ ᠤ ᠬᠢᠨ ᠤᠯᠤᠰ ᠤᠨ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠭᠦᠨᠵᠡᠭᠡᠶᠢᠷᠡᠭᠦᠯᠬᠦ | ᠲᠤᠬᠠᠢ ᠨᠠᠮ ᠤᠨ ᠲᠦᠪ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠤᠨᠤᠪᠴᠢᠳᠠᠢ ᠡᠵᠡᠮᠰᠢᠵᠤ᠂ ᠦᠵᠡᠯ | ᠰᠠᠨᠠᠭ᠎ᠠ᠂ ᠪᠤᠳᠠᠰ᠂ ᠰᠠᠭᠤᠷᠢ ᠲᠤᠭ᠎ᠠ᠂ ᠲᠦᠷᠢᠮ ᠵᠡᠷᠭᠡ ᠠᠵᠢᠯ ᠤᠨ ᠰᠠᠭᠤᠷᠢ ᠶᠢ ᠪᠠᠳᠤ ᠴᠤᠬᠴᠠᠯᠠᠵᠤ᠂ | ᠪᠠᠶᠢᠭᠤᠯᠤᠮᠵᠢ ᠶᠢ ᠪᠠᠶᠢᠭᠤᠯᠬᠤ᠂ ᠠᠵᠢᠯᠳᠠᠨ ᠢ ᠰᠢᠯᠵᠢᠭᠦᠯᠦᠨ ᠬᠠᠷᠢᠶᠠᠯᠠᠭᠤᠯᠬᠤ᠂ ᠪᠦᠬᠦ ᠲᠠᠯ᠎ᠠ ᠪᠠᠷ | ᠠᠭᠤᠰᠤᠯᠴᠠᠭᠤᠯᠬᠤ ᠵᠡᠷᠭᠡ ᠵᠠᠩᠬᠢᠯᠠᠭ᠎ᠠ ᠶᠢᠨ ᠭᠤᠬᠴᠤᠭ᠎ᠠ ᠶᠢ ᠡᠵᠡᠮᠰᠢᠵᠤ᠂ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠬᠤᠭᠤᠴᠠᠭ᠎ᠠ ᠰᠤᠯᠢᠬᠤ ᠲᠠᠢ ᠵᠤᠯᠭᠠᠭᠤᠯᠬᠤ᠂ ︽ᠰᠠᠬᠢᠯᠭ᠎ᠠ ᠪᠠᠳᠣ ᠬᠠᠤᠯᠢ︾ ᠲᠠᠢ ᠵᠤᠯᠭᠠᠭᠤᠯᠬᠤ᠂ | ︽ᠬᠠᠤᠯᠢ ᠬᠠᠤᠯᠢ︾ ᠲᠠᠢ ᠵᠤᠯᠭᠠᠭᠤᠯᠬᠤ ᠵᠡᠷᠭᠡ ᠵᠤᠯᠭᠠᠭᠤᠯᠬᠤ ᠠᠵᠢᠯ ᠢ ᠰᠠᠶᠢᠲᠤᠷ ᠬᠢᠵᠤ᠂ ᠠᠰᠠᠭᠤᠳᠠᠯ ᠢ ᠴᠠᠭ | ᠲᠤᠬᠠᠢ ᠳᠤᠨᠢ ᠤᠯᠵᠤ ᠮᠡᠳᠡᠨ ᠪᠦᠳᠦᠮᠵᠢᠳᠡᠢ ᠰᠢᠢᠳᠪᠦᠷᠢᠯᠡᠵᠤ᠂ ᠡᠯ᠎ᠠ ᠵᠦᠢᠯ ᠤᠨ ᠭᠤᠤᠯᠳᠠᠯᠭ᠎ᠠ ᠲᠠᠢ ᠠᠵᠢᠯ ᠢ | ᠢᠳᠡᠪᠬᠢᠳᠡᠢ ᠯᠠᠪᠳᠠᠭᠤᠨ ᠢᠶᠠᠷ ᠠᠬᠢᠭᠤᠯᠵᠤ᠂ ᠦᠭᠡᠷᠡᠴᠢᠯᠡᠯᠳᠡ ᠶᠢᠨ ᠲᠤᠬᠳᠠᠬᠰᠠᠨ ᠴᠠᠭ ᠤᠨ ᠬᠦᠰᠦᠨᠦᠭᠳᠦ ᠪᠤᠯᠤᠨ | ᠵᠠᠮ ᠱᠤᠭᠤᠮ ᠤᠨ ᠵᠢᠷᠤᠭ ᠤᠨ ᠪᠦᠳᠦᠮᠵᠢᠳᠡᠢ ᠨᠠᠶᠢᠳᠠᠪᠤᠷᠢᠵᠢᠭᠤᠯᠤᠭᠳᠠᠬᠤ ᠶᠢ ᠪᠠᠳᠤᠯᠠᠬᠤ ᠬᠡᠷᠡᠭᠳᠡᠢ ᠬᠡᠵᠤ | ᠴᠢᠬᠤᠯᠠᠴᠢᠯᠠᠪᠠ᠃ | ᠯᠢ ᠵᠢᠢ ᠾᠧᠩ᠂ ᠤᠯᠤᠰ ᠤᠨ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠦᠭᠡᠷᠡᠴᠢᠯᠡᠯᠳᠡ ᠶᠢ | ᠭᠦᠨᠵᠡᠭᠡᠶᠢᠷᠡᠭᠦᠯᠬᠦ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠬᠢᠨᠠᠮᠠᠭᠠᠢ ᠭᠦᠢᠴᠡᠳᠭᠡᠵᠦ᠂ | ᠦᠭᠡᠷᠡᠴᠢᠯᠡᠯᠳᠡ ᠶᠢ ᠠᠬᠢᠭᠤᠯᠬᠤ ᠬᠦᠴᠦᠷᠭᠡᠭ ᠶᠡᠭᠡ ᠬᠠᠮᠳᠤᠷᠠᠯ ᠬᠦᠴᠦᠨ ᠢ ᠪᠦᠷᠢᠯᠳᠦᠭᠦᠯᠭᠦ ᠬᠡᠷᠡᠭᠳᠡᠢ᠃ ᠡᠯ᠎ᠠ | ᠱᠠᠳᠤᠨ ᠤ ᠨᠠᠮ ᠤᠨ ᠬᠤᠷᠢᠶ᠎ᠠ ᠭᠤᠤᠯ ᠴᠤᠬᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠤ᠂ ᠨᠢᠭᠡᠳᠦᠯᠳᠡᠢ | ᠲᠦᠯᠦᠪᠵᠢᠭᠦᠯᠭᠦ ᠵᠤᠬᠢᠴᠠᠭᠤᠯᠬᠤ ᠪᠠᠨ ᠴᠢᠩᠭᠠᠳᠬᠠᠨ᠂ ᠬᠠᠷᠢᠭᠤᠴᠠᠯᠭ᠎ᠠ ᠠᠵᠢᠯ ᠤᠨ ᠬᠤᠪᠢᠶᠠᠷᠢ ᠶᠢ | ᠨᠠᠶᠢᠳᠠᠪᠤᠷᠢᠵᠢᠭᠤᠯᠵᠤ᠂ ᠦᠭᠡᠷᠡᠴᠢᠯᠡᠯᠳᠡ ᠶᠢᠨ ᠲᠤᠷᠰᠢᠯᠳᠠ ᠶᠢᠨ ᠴᠢᠭ᠋ ᠤᠨ ᠠᠵᠢᠯ ᠢ ᠦᠨᠡᠨᠭᠦ ᠰᠠᠶᠢᠲᠤᠷ ᠠᠳᠬᠤᠬᠤ | ᠬᠡᠷᠡᠭᠳᠡᠢ᠃ ᠡᠯ᠎ᠡ ᠱᠠᠳᠣᠨ ᠤ ᠨᠠᠮ ᠤᠨ ᠬᠤᠷᠢᠶ᠎ᠠ ᠶᠢᠨ ᠱᠦᠵᠢ ᠨᠢᠭᠡᠳᠦᠭᠡᠷ ᠬᠠᠷᠢᠭᠤᠴᠠᠯᠭᠠᠳᠣ ᠬᠦᠮᠦᠨ ᠤ | ᠬᠠᠷᠢᠭᠤᠴᠠᠯᠭ᠎ᠠ ᠪᠠᠨ ᠰᠠᠶᠢᠲᠤᠷ ᠭᠦᠢᠴᠡᠳᠭᠡᠵᠦ᠂ ᠪᠡᠶ᠎ᠡ ᠪᠠᠷ ᠢᠶᠠᠨ ᠨᠠᠶᠢᠳᠠᠪᠤᠷᠢᠵᠢᠭᠤᠯᠬᠤ ᠶᠢ ᠠᠳᠬᠤᠵᠣ᠂ ᠠᠵᠢᠯ ᠢ | ᠨᠢᠭᠡᠳᠦᠯᠳᠡᠢ ᠲᠦᠯᠦᠪᠵᠢᠭᠦᠯᠦᠨ ᠠᠬᠢᠭᠤᠯᠬᠤ ᠬᠡᠷᠡᠭᠳᠡᠢ᠃ ᠡᠯ᠎ᠠ ᠱᠠᠳᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ | ᠲᠤᠰᠬᠠᠢ ᠬᠠᠷᠢᠭᠤᠴᠠᠯᠭ᠎ᠠ ᠪᠠᠨ ᠡᠭᠦᠷᠭᠡᠯᠡᠵᠤ᠂ ᠨᠠᠷᠢᠯᠢᠭ ᠲᠦᠯᠦᠪᠵᠢᠭᠦᠯᠦᠨ ᠪᠤᠳᠠᠳᠠᠢ ᠬᠡᠷᠡᠭᠵᠢᠭᠦᠯᠵᠦ᠂ ᠨᠠᠮ ᠤᠨ | ᠬᠤᠷᠢᠶ᠎ᠠ ᠶᠢ ᠬᠠᠮᠵᠢᠨ ᠵᠤᠬᠢᠶᠠᠨ ᠪᠠᠶᠢᠭᠤᠯᠤᠨ ᠬᠡᠷᠡᠭᠵᠢᠭᠦᠯᠬᠦ ᠶᠢ ᠰᠠᠶᠢᠲᠤᠷ ᠠᠳᠬᠤᠬᠤ ᠬᠡᠷᠡᠭᠳᠡᠢ᠃ ᠡᠯ᠎ᠠ ᠬᠠᠮᠢᠶ᠎ᠠ | ᠪᠦᠬᠦᠢ ᠨᠢᠭᠡᠴᠡ ᠬᠦᠴᠦ ᠬᠠᠮᠳᠣᠷᠠᠨ ᠬᠠᠮᠵᠢᠯᠴᠡᠵᠤ᠂ ᠦᠪᠡᠷ ᠦᠪᠡᠷᠰᠡᠳ ᠤᠨ ᠬᠠᠷᠢᠭᠤᠴᠠᠯᠭ᠎ᠠ ᠪᠠᠨ ᠡᠭᠦᠷᠬᠡᠯᠡᠨ᠂ | ᠲᠦᠪ ᠤᠨ ᠱᠠᠭᠠᠷᠳᠠᠯᠭ᠎ᠠ ᠶᠢ ᠳᠡᠷᠡ ᠬᠡᠪ ᠢᠶᠠᠷ ᠨᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠳᠡᠢ᠃ ᠰᠠᠬᠢᠯᠭ᠎ᠠ ᠪᠠᠳᠤ ᠶᠢ | ᠴᠢᠩᠳᠠᠯᠠᠵᠤ᠂ ᠦᠭᠡᠷᠡᠴᠢᠯᠡᠯᠳᠡ ᠶᠢᠨ ᠬᠠᠷᠠᠯᠳᠠ ᠶᠢᠨ ᠤᠷᠤᠬᠰᠢᠳᠠᠢ ᠪᠡᠶᠡᠯᠡᠭᠳᠡᠭᠦ ᠶᠢ ᠪᠠᠳᠤᠯᠠᠬᠤ ᠬᠡᠷᠡᠭᠳᠡᠢ ᠬᠡᠵᠤ | ᠴᠢᠬᠤᠯᠠᠴᠢᠯᠠᠪᠠ᠃ | ᠬᠤᠷᠠᠯ ᠢ ᠬᠠᠷᠠᠭᠠᠨ ᠳᠠᠪᠲᠠᠮᠵᠢᠲᠤ ᠬᠤᠷᠠᠯ ᠤᠨ ᠬᠡᠯᠪᠡᠷᠢ ᠪᠠᠷ ᠬᠤᠷᠠᠯᠳᠤᠭᠤᠯᠵᠤ᠂ ᠡᠯ᠎ᠠ ᠠᠶᠢᠮᠠᠭ ᠬᠤᠳᠠ᠂ | ᠬᠤᠰᠢᠭᠤ ᠰᠢᠶᠠᠨ ︵ᠬᠤᠳᠠ᠂ ᠲᠤᠭᠤᠷᠢᠭ︶ ᠳᠤ ᠬᠤᠪᠢᠶᠠᠷᠢ ᠬᠤᠷᠠᠯ ᠤᠨ ᠲᠠᠯᠠᠪᠠᠢ ᠲᠤᠬᠢᠷᠠᠭᠤᠯᠪᠠ᠃ |