ᠡᠨᠡ ᠵᠢᠯ ᠠᠴᠠ ᠨᠠᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠲᠣᠭᠲᠠᠭᠤᠨ ᠤ ᠳᠤᠮᠳᠠ | ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠦᠭ ᠠᠶᠠᠰ ᠢ ᠪᠠᠷᠢᠮᠲᠠᠯᠠᠵᠤ᠂ ᠠᠵᠤ ᠠᠬᠤᠶ ᠶᠢᠨ ᠬᠡᠯᠪᠡᠷᠢ ᠶᠢ | ᠬᠤᠪᠢᠷᠠᠭᠤᠯᠤᠨ ᠲᠡᠰ ᠳᠡᠪᠰᠢᠬᠦᠯᠬᠦ ᠶᠢ ᠲᠦᠷᠭᠡᠳᠭᠡᠭᠰᠡᠨ ᠤ ᠬᠠᠮᠲᠤ ᠠᠵᠤ ᠦᠢᠯᠡᠰ ᠤᠨ ᠪᠦᠲᠦᠴᠡ ᠶᠢ ᠪᠠᠶᠢᠯᠳᠤᠬᠤ | ᠪᠣᠳᠣᠯᠭ᠎ᠠ ᠶᠢᠨ ᠴᠢᠨᠠᠷᠲᠠᠶ ᠲᠤᠬᠢᠷᠠᠭᠤᠯᠬᠤ ᠶᠢ ᠲᠦᠯᠬᠢᠨ ᠠᠬᠢᠭᠤᠯᠵᠤ᠂ ᠭᠤᠷᠪᠠᠳᠤᠭᠠᠷ ᠠᠵᠤ ᠦᠢᠯᠡᠰ ᠠᠴᠠ ᠠᠵᠤ | ᠠᠬᠤᠶ ᠶᠢᠨ ᠨᠡᠮᠡᠭᠳᠡᠯ ᠳᠤ ᠦᠵᠡᠭᠦᠯᠬᠦ ᠬᠤᠪᠢ ᠨᠡᠮᠡᠷᠢ ᠶᠢᠨ ᠨᠤᠷᠮ᠎ᠠ ᠨᠢ 66.6% ᠳᠤ ᠬᠦᠷᠦᠭᠰᠡᠨ ᠪᠠᠶᠢᠨ᠎ᠠ᠃ | ᠡᠨᠡ ᠵᠢᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠭᠤᠷᠪᠠᠳᠤᠭᠠᠷ ᠠᠵᠤ ᠦᠢᠯᠡᠰ ᠤᠨ | ᠬᠥᠭᠵᠢᠯᠲᠡ ᠶᠢ ᠠᠬᠢᠭᠤᠯᠬᠤ ᠬᠢᠷᠢ ᠲᠦᠪᠰᠢᠨ ᠢ ᠳᠡᠭᠡᠭᠰᠢᠯᠡᠬᠦᠯᠬᠦ᠂ ᠬᠤᠪᠢ ᠶᠢᠨ ᠵᠢᠩ ᠢ ᠳᠡᠭᠡᠭᠰᠢᠯᠡᠭᠦᠯᠬᠦ ᠵᠡᠷᠭᠡ ᠠᠯᠢ | ᠤᠯᠠᠨ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠠᠪᠴᠤ᠂ ᠭᠤᠷᠪᠠᠳᠤᠭᠠᠷ ᠠᠵᠤ ᠦᠢᠯᠡᠰ ᠠᠴᠠ ᠠᠵᠤ | ᠠᠬᠤᠶ ᠶᠢᠨ ᠨᠡᠮᠡᠭᠳᠡᠯ ᠳᠤ ᠦᠵᠡᠭᠦᠯᠬᠦ ᠲᠤᠯᠭᠠᠭᠤᠷᠢᠯᠠᠬᠤ ᠦᠢᠯᠡᠳᠦᠯ ᠢ ᠤᠯᠠᠮ ᠨᠢᠭᠡ ᠠᠯᠬᠤᠮ ᠨᠡᠮᠡᠭᠳᠡᠭᠦᠯᠪᠡ᠃ ᠡᠨᠡ | ᠵᠢᠯ ᠤᠨ ᠲᠦᠷᠦᠭᠦᠦ ᠭᠤᠷᠪᠠᠨ ᠤᠯᠠᠷᠢᠯ ᠳᠤ᠂ ᠪᠦᠬᠦ ᠣᠷᠣᠨ ᠤ ᠭᠤᠷᠪᠠᠳᠤᠭᠠᠷ ᠠᠵᠤ ᠦᠢᠯᠡᠰ ᠤᠨ ᠨᠡᠮᠡᠭᠳᠡᠯ | ᠦᠷᠲᠡᠭ ᠨᠢ ᠠᠳᠠᠯᠢ ᠬᠤᠭᠤᠴᠠᠭᠠᠨ ᠤ ᠬᠢ ᠠᠴᠠ 7.8% ᠨᠡᠮᠡᠭᠳᠡᠪᠡ︔ ᠭᠤᠷᠪᠠᠳᠤᠭᠠᠷ ᠠᠵᠤ ᠦᠶᠯᠡᠰ ᠤᠨ | ᠨᠡᠮᠡᠭᠳᠡᠯ ᠥᠷᠲᠡᠭ ᠤᠨ GDP ᠳᠤ ᠡᠵᠡᠯᠡᠬᠦ ᠬᠤᠪᠢ ᠶᠢᠨ ᠵᠢᠩ ᠨᠢ 45.7% ᠪᠤᠯᠵᠤ᠂ ᠠᠵᠤ ᠠᠬᠤᠶ ᠶᠢᠨ | ᠨᠡᠮᠡᠭᠳᠡᠯ ᠳᠤ ᠦᠵᠡᠭᠦᠯᠬᠦ ᠬᠤᠪᠢ ᠨᠡᠮᠡᠷᠢ ᠶᠢᠨ ᠨᠤᠷᠮ᠎ᠠ ᠨᠢ ᠤᠯᠠᠮ ᠨᠢᠭᠡ ᠠᠯᠬᠤᠮ ᠳᠡᠭᠡᠭᠰᠢᠯᠡᠪᠡ᠃ ᠡᠭᠦᠨ ᠤ | ᠬᠠᠮᠲᠤ᠂ ᠦᠢᠯᠡᠴᠢᠯᠡᠭᠡᠨ ᠤ ᠦᠢᠯᠡᠰ ᠤᠨ ᠬᠠᠮᠢᠶ᠎ᠠ ᠪᠦᠬᠦᠢ ᠭᠤᠣᠯᠳᠠᠯᠭ᠎ᠠ ᠲᠠᠢ ᠠᠵᠢᠯ ᠲᠦᠷᠦᠯ ᠦᠳᠲᠡᠷ ᠲᠦᠷᠭᠡᠨ | ᠬᠦᠭᠵᠢᠪᠡ᠃ 9 ᠳ᠋ᠤᠭᠡᠷ ᠰᠠᠷ᠎ᠠ ᠶᠢᠨ ᠡᠴᠦᠰ ᠪᠣᠯᠲᠠᠯ᠎ᠠ᠂ ᠪᠦᠬᠦ ᠣᠷᠣᠨ ᠤ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠠᠷᠠᠳ ᠤᠨ ᠵᠣᠭᠤᠰᠣᠨ ᠤ ᠬᠠᠳᠠᠭᠠᠯᠠᠮᠵᠢ ᠪᠤᠯᠤᠨ ᠵᠢᠭᠡᠯᠡᠯᠭᠡ ᠶᠢᠨ ᠦᠯᠡᠳᠡᠪᠦᠷᠢ ᠲᠤᠭ᠎ᠠ ᠨᠢ | ᠴᠥᠮ ᠲᠦᠷᠦᠭᠦᠦ ᠵᠢᠯ ᠤᠨ ᠠᠳᠠᠯᠢ ᠰᠠᠷ᠎ᠠ ᠶᠢᠨ ᠡᠴᠦᠰ ᠤᠨ ᠬᠢ ᠠᠴᠠ 11% ᠠᠴᠠ ᠳᠡᠭᠡᠭᠰᠢ ᠨᠡᠮᠡᠭᠳᠡᠵᠤ᠂ | ᠲᠦᠷᠭᠡᠨ ᠢᠯᠡᠭᠡᠮᠵᠢ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠨᠢ 34.4% ᠨᠡᠮᠡᠭᠳᠡᠪᠡ᠃ ᠡᠭᠦᠨ ᠤ | ᠵᠡᠷᠭᠡᠴᠡᠪᠡᠷ᠂ ᠲᠦᠷᠦᠭᠦᠤ ᠭᠤᠷᠪᠠᠨ ᠤᠯᠠᠷᠢᠯ ᠤᠨ ᠪᠥᠬᠦ ᠣᠷᠣᠨ ᠤ ᠭᠤᠷᠪᠠᠳᠤᠭᠠᠷ ᠠᠵᠤ ᠦᠢᠯᠡᠰ ᠤᠨ ᠴᠠᠬᠢᠯᠭᠠᠨ | ᠬᠡᠷᠡᠭᠯᠡᠬᠦ ᠬᠡᠮᠵᠢᠶ᠎ᠡ ᠨᠢ 106.39 ᠳ᠋ᠦᠡᠭᠰᠢᠭᠤᠷ ᠺᠢᠯᠣᠸᠠᠲ ᠴᠠᠭ ᠪᠤᠯᠵᠤ᠂ ᠠᠳᠠᠯᠢ ᠬᠤᠭᠤᠴᠠᠭᠠᠨ ᠤ ᠬᠢ ᠠᠴᠠ | 13.1% ᠨᠡᠮᠡᠭᠳᠡᠵᠠᠢ᠃ |