11ᠳ᠋ᠦ᠋ᠭᠡᠷ ᠰᠠᠷ᠎ᠠ ᠶᠢᠨ 8 ᠤ ᠦᠳᠡ ᠶᠢᠨ ᠬᠤᠶᠢᠨ᠎ᠠ᠂ ᠦᠪᠡᠷᠳᠡᠭᠡᠨ ᠵᠠᠰᠠᠬᠤ ᠤᠷᠤᠨ ᠤ ᠠᠷᠪᠠᠨ | ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ | ᠭᠤᠴᠢᠨ ᠵᠢᠷᠭᠤᠳᠤᠭᠠᠷ ᠬᠤᠷᠠᠯ ᠲᠤᠭᠤᠶᠢᠯᠠᠩ ᠬᠠᠮᠳᠤᠷᠠᠬᠰᠠᠨ ᠬᠤᠷᠠᠯ ᠬᠢᠵᠦ᠂ ᠦᠪᠡᠷᠳᠡᠭᠡᠨ ᠵᠠᠰᠠᠬᠤ ᠤᠷᠤᠨ ᠤ | ᠠᠷᠠᠳ ᠤᠨ ᠵᠠᠰᠠᠭ ᠤᠨ ᠤᠷᠳᠤᠨ ᠤ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠠᠶᠤᠯ ᠦᠭᠡᠢ | ᠦᠢᠯᠡᠳᠪᠤᠷᠢᠯᠡᠯ ᠤᠨ ᠬᠠᠤᠯᠢ︾ ᠪᠠ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠶᠤᠯ ᠦᠭᠡᠢ | ᠦᠢᠯᠡᠳᠪᠤᠷᠢᠯᠡᠯ ᠤᠨ ᠲᠦᠷᠢᠮ︾ ᠢ ᠲᠤᠤᠱᠯᠠᠭᠤᠯᠵᠦ ᠬᠡᠷᠡᠭᠵᠢᠭᠦᠯᠦᠭᠰᠡᠨ ᠪᠠᠶᠢᠳᠠᠯ ᠢ ᠲᠤᠰᠬᠠᠢ ᠰᠡᠳᠦᠪ ᠢᠶᠠᠷ | ᠠᠰᠠᠭᠤᠨ ᠯᠠᠪᠯᠠᠪᠠ᠃ | ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ | ᠬᠤᠷᠢᠶ᠎ᠠ ᠶᠢᠨ ᠲᠡᠳ᠋ ᠡᠷᠬᠢᠯᠡᠭᠴᠢ ᠳ᠋ᠦ᠋ ᠽᠢ ᠬᠤᠷᠠᠯ ᠡᠷᠬᠢᠯᠡᠵᠦ᠂ ᠳᠡᠳ᠋ ᠡᠷᠬᠢᠯᠡᠭᠴᠢ ᠸᠠᠩ ᠢᠤᠢ ᠮᠢᠩ᠂ ᠬᠠᠨᠭ᠌ ᠭᠦᠢ | ᠯᠢᠨ᠂ ᠡᠤ ᠲᠤᠸᠠᠨ ᠶᠢᠩ᠂ ᠯᠢᠶᠠᠨ ᠰᠤ᠋᠂ ᠨᠠᠷᠢᠨ ᠪᠢᠴᠢᠭ ᠤᠨ ᠲᠠᠷᠤᠭ᠎ᠠ ᠰᠦᠨ ᠬᠤᠢ ᠮᠢᠨ ᠪᠠ ᠪᠠᠶᠢᠡᠭᠭᠤ ᠶᠢᠨ | ᠬᠤᠷᠢᠶ᠎ᠠ ᠶᠢᠨ ᠭᠡᠰᠢᠭᠦᠳ ᠬᠤᠷᠠᠯ ᠳᠤ ᠤᠷᠤᠯᠴᠠᠪᠠ᠃ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠸᠠᠩ | ᠪᠦᠸᠧ ᠵᠢᠴᠢ ᠦᠪᠡᠷᠳᠡᠭᠡᠨ ᠵᠠᠰᠠᠬᠤ ᠤᠷᠤᠨ ᠤ ᠠᠶᠤᠯ ᠦᠭᠡᠢ ᠦᠢᠯᠡᠳᠪᠤᠷᠢᠯᠡᠯ ᠢ ᠬᠢᠨᠠᠨ ᠬᠠᠮᠢᠶᠠᠷᠬᠤ ᠲᠤᠪᠴᠢᠶ᠎ᠠ | ᠵᠡᠷᠭᠡ ᠰᠠᠯᠠᠭ᠎ᠠ ᠮᠦᠴᠢᠷ ᠤᠨ ᠬᠠᠷᠢᠭᠤᠴᠠᠯᠭᠠᠳᠠᠳ ᠬᠤᠷᠠᠯ ᠳᠤ ᠤᠷᠤᠯᠴᠠᠵᠠᠢ᠃ | ᠲᠤᠭᠤᠶᠢᠯᠠᠩ ᠬᠠᠮᠳᠤᠷᠠᠬᠰᠠᠨ ᠬᠤᠷᠠᠯ ᠲᠡᠭᠡᠷ᠎ᠡ᠂ ᠦᠪᠡᠷᠳᠡᠭᠡᠨ ᠵᠠᠰᠠᠬᠤ ᠤᠷᠤᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠪᠠᠶᠢᠡᠭᠭᠤ ᠶᠢᠨ ᠭᠡᠰᠢᠭᠦᠨ ᠢᠤᠢ ᠶᠦᠡᠭ | ᠴᠢᠤᠸᠠᠨ᠂ ᠰᠦᠭᠡ᠂ ᠼᠦᠢ ᠮᠢᠩ ᠯᠦᠡᠭ᠂ ᠰᠤ᠋ ᠶᠤᠸᠠᠨ ᠹᠠᠨᠭ᠌᠂ ᠵᠠᠩ ᠪᠦᠸᠧ ᠴᠢᠶᠦ᠋ᠨ᠂ ᠵᠠᠩ ᠫᠢᠶᠠᠨ ᠺᠤᠤ᠂ | ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢ ᠹᠸᠡᠭ ᠾᠧ ᠫᠢᠡᠭ᠂ ᠾᠸᠤ ᠶᠠᠨ ᠨᠠᠷ ᠠᠳᠠᠯᠢ ᠪᠤᠰᠤ | ᠬᠠᠷᠠᠭᠠᠰᠣ ᠠᠴᠠ ᠦᠪᠡᠷᠳᠡᠭᠡᠨ ᠵᠠᠰᠠᠬᠤ ᠤᠷᠤᠨ ᠤ ᠠᠶᠤᠯ ᠦᠭᠡᠢ ᠦᠢᠯᠡᠳᠪᠤᠷᠢᠯᠡᠯ ᠤᠨ ᠠᠵᠢᠯ ᠤᠨ ᠬᠠᠮᠢᠶ᠎ᠠ ᠪᠦᠭᠦᠢ | ᠪᠠᠶᠢᠳᠠᠯ ᠢ ᠠᠰᠠᠭᠤᠨ ᠯᠠᠪᠯᠠᠪᠠ᠃ ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠭᠦᠢ ᠰᠠᠯᠠᠭ᠎ᠠ ᠮᠦᠴᠢᠷ ᠤᠨ | ᠬᠠᠷᠢᠭᠤᠴᠠᠯᠭᠠᠳᠠᠨ ᠨᠦᠭᠦᠳ ᠠᠰᠠᠭᠤᠯᠳᠠ ᠳᠤ ᠬᠢᠨᠠᠮᠠᠭᠠᠢ ᠬᠠᠷᠢᠭᠤᠯᠲᠠ ᠥᠭᠴᠡᠢ᠃ | ᠸᠠᠩ ᠪᠦᠸᠧ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠣᠷᠳᠣᠨ ᠢ ᠲᠦᠯᠦᠭᠡᠯᠡᠨ ᠤᠪᠤᠷ ᠢᠶᠠᠨ | ᠢᠯᠡᠳᠭᠡᠵᠦ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠨᠠᠮ ᠤᠨ ᠠᠷᠪᠠ ᠶᠢᠰᠦᠳᠦᠭᠡᠷ | ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠤᠬᠠᠭᠤᠯᠤᠨ ᠲᠤᠤᠱᠯᠠᠭᠤᠯᠵᠦ᠂ ᠲᠦᠪ ᠤᠨ ᠪᠠ | ᠦᠪᠡᠷᠳᠡᠭᠡᠨ ᠵᠠᠰᠠᠬᠤ ᠤᠷᠤᠨ ᠤ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠬᠢᠨᠠᠮᠠᠭᠠᠢ | ᠨᠠᠶᠢᠳᠠᠪᠤᠷᠢᠵᠢᠭᠤᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠳᠠᠯᠠᠵᠦ᠂ ᠵᠦᠷᠢᠶ᠎ᠠ ᠪᠠᠨ ᠡᠷᠢᠵᠤ | ᠲᠤᠳᠠᠭᠤᠳᠠᠯ ᠢ ᠨᠥᠬᠦᠪᠦᠷᠢᠯᠡᠨ᠂ ᠭᠡᠰᠢᠭᠦᠳ ᠪᠣᠯᠣᠨ ᠲᠦᠯᠦᠭᠡᠯᠡᠭᠴᠢᠳ ᠤᠨ ᠠᠰᠠᠭᠤᠨ ᠯᠠᠪᠯᠠᠬᠤ ᠳᠠᠭᠠᠨ | ᠲᠤᠷᠠᠳᠤᠬᠰᠠᠨ ᠰᠠᠨᠠᠯ ᠰᠠᠨᠠᠭᠤᠯᠭ᠎ᠠ ᠶᠢ ᠨᠠᠷᠢᠨ ᠡᠮᠬᠢᠯᠡᠨ ᠰᠤᠳᠤᠯᠵᠣ᠂ ᠠᠶᠤᠯ ᠦᠭᠡᠢ ᠦᠢᠯᠡᠳᠪᠤᠷᠢᠯᠡᠯ ᠤᠨ ᠠᠵᠢᠯ | ᠤᠨ ᠠᠷᠭ᠎ᠠ ᠬᠡᠮᠵᠢᠶ᠎ᠡ ᠪᠠᠨ ᠰᠠᠶᠢᠵᠢᠷᠠᠭᠤᠯᠤᠨ ᠴᠢᠩᠭᠠᠳᠬᠠᠵᠦ᠂ ᠡᠯ᠎ᠠ ᠵᠦᠢᠯ ᠤᠨ ᠠᠵᠢᠯ ᠢᠶᠠᠨ ᠪᠦᠭᠦ ᠲᠠᠯ᠎ᠠ ᠪᠠᠷ | ᠠᠬᠢᠭᠤᠯᠵᠦ᠂ ᠪᠦᠭᠦ ᠤᠷᠤᠨ ᠤ ᠠᠶᠤᠯ ᠦᠭᠡᠢ ᠦᠢᠯᠡᠳᠪᠤᠷᠢᠯᠡᠯ ᠤᠨ ᠪᠠᠶᠢᠳᠠᠯ ᠲᠤᠬᠳᠠᠭᠤᠨ ᠢᠶᠠᠷ ᠰᠠᠶᠢᠵᠢᠷᠠᠬᠤ ᠶᠢ | ᠪᠠᠳᠤᠯᠠᠨ᠎ᠠ ᠭᠡᠪᠠ᠃ | ᠬᠤᠷᠠᠯ ᠠᠴᠠ ᠱᠠᠭᠠᠷᠳᠠᠭᠰᠠᠨ ᠨᠢ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠤᠨ ︽ | ᠨᠢᠭᠡ ᠬᠠᠤᠯᠢ ᠨᠢᠭᠡ ᠲᠦᠷᠢᠮ︾ ᠢ ᠲᠤᠤᠱᠯᠠᠭᠤᠯᠬᠤ ᠶᠠᠪᠤᠳᠠᠯ ᠢ ᠬᠢᠨᠠᠨ ᠬᠠᠮᠢᠶᠠᠷᠬᠤ ᠠᠵᠢᠯ ᠤᠨ ᠭᠤᠤᠯᠳᠠᠯᠭ᠎ᠠ ᠪᠠᠨ | ᠪᠤᠯᠭᠠᠵᠦ᠂ ᠠᠶᠤᠯ ᠦᠭᠡᠢ ᠦᠢᠯᠡᠳᠪᠤᠷᠢᠯᠡᠯ ᠤᠨ ᠴᠢᠬᠤᠯᠠ ᠴᠢᠨᠠᠷ ᠲᠤᠯᠭᠠᠮ᠎ᠠ ᠴᠢᠨᠠᠷ ᠤᠨ ᠳᠣᠬᠠᠢ ᠲᠠᠨᠢᠯᠳᠠ ᠪᠠᠨ | ᠴᠢᠨᠠᠭᠰᠢᠳᠠ ᠲᠡᠭᠡᠭᠰᠢᠯᠡᠭᠦᠯᠵᠦ᠂ ᠠᠷᠭ᠎ᠠ ᠬᠡᠮᠵᠢᠶ᠎ᠡ ᠪᠠᠨ ᠤᠯᠠᠮ ᠴᠢᠩᠭᠠᠷᠠᠭᠤᠯᠵᠦ᠂ ᠬᠢᠨᠠᠨ ᠬᠠᠮᠢᠶᠠᠷᠬᠤ ᠦᠷ᠎ᠠ | ᠪᠦᠲᠦᠮᠵᠢ ᠶᠢ ᠤᠯᠠᠮ ᠲᠤᠪᠤᠶᠢᠯᠭᠠᠵᠦ᠂ ᠬᠢᠨᠠᠨ ᠬᠠᠮᠢᠶᠠᠷᠬᠤ ᠲᠤᠬᠳᠠᠴᠠ ᠪᠠᠨ ᠤᠯᠠᠮ ᠲᠡᠭᠦᠯᠳᠡᠷᠵᠢᠭᠦᠯᠬᠦ ᠶᠢᠨ | ᠬᠠᠮᠳᠣ᠂ ᠬᠢᠨᠠᠨ ᠵᠦᠪᠯᠡᠭᠰᠡᠨ ᠰᠠᠨᠠᠯ ᠢ ᠬᠢᠨᠠᠮᠠᠭᠠᠢ ᠨᠠᠶᠢᠳᠠᠪᠤᠷᠢᠵᠢᠭᠤᠯᠵᠦ᠂ ᠠᠶᠤᠯ ᠦᠭᠡᠢ ᠦᠢᠯᠡᠳᠪᠤᠷᠢᠯᠡᠯ ᠤᠨ | ᠬᠠᠤᠯᠢ ᠴᠠᠭᠠᠵᠠ ᠬᠠᠤᠯᠢ ᠳᠣᠭᠳᠠᠭᠠᠯ ᠤᠨ ᠪᠦᠭᠦ ᠲᠠᠯ᠎ᠠ ᠪᠠᠷ ᠪᠦᠲᠦᠮᠵᠢᠳᠠᠢ ᠨᠠᠶᠢᠳᠠᠪᠤᠷᠢᠵᠢᠭᠤᠯᠣᠭᠳᠠᠬᠤ ᠶᠢ | ᠠᠬᠢᠭᠤᠯᠵᠦ᠂ ᠮᠠᠨ ᠤ ᠤᠷᠤᠨ ᠤ ᠠᠵᠦ ᠠᠬᠤᠢ ᠨᠡᠶᠢᠭᠡᠮ ᠤᠨ ᠬᠦᠭᠵᠢᠯᠳᠠ ᠳᠤ ᠴᠢᠩᠭ᠎ᠠ ᠬᠦᠴᠦᠨ ᠪᠦᠬᠦᠢ ᠠᠮᠤᠷ | ᠲᠦᠪᠰᠢᠨ ᠤ ᠪᠠᠳᠤᠯᠠᠭ᠎ᠠ ᠬᠠᠨᠭ᠍ᠭᠠᠬᠤ ᠬᠡᠷᠡᠭᠳᠡᠢ ᠭᠡᠵᠡᠢ᠃ |