ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠵᠤ ᠤᠬᠠᠭᠤᠯᠤᠨ ᠲᠤᠤᠱᠯᠠᠭᠤᠯᠬᠤ ᠦᠪᠡᠷᠳᠡᠭᠡᠨ ᠵᠠᠰᠠᠬᠤ ᠤᠷᠤᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠲᠠᠶᠢᠴᠢᠯᠠᠯᠳᠠ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2017/11/9
     ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠵᠤ ᠤᠬᠠᠭᠤᠯᠤᠨ ᠲᠤᠤᠱᠯᠠᠭᠤᠯᠬᠤ ᠬᠠᠯᠠᠭᠤᠨ ᠦᠷᠨᠢᠯᠳᠡ ᠶᠢ ᠲᠠᠷᠤᠢ ᠲᠦᠷᠭᠡᠨ ᠭᠠᠷᠭᠠᠬᠤ ᠶᠢᠨ ᠲᠦᠯᠦᠭᠡ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠠᠴᠠ ᠦᠪᠡᠷᠳᠡᠭᠡᠨ ᠵᠠᠰᠠᠬᠤ ᠤᠷᠤᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠢ ᠵᠤᠬᠢᠶᠠᠨ ᠪᠠᠶᠢᠭᠤᠯᠵᠤ᠂ 11 ᠳ᠋ᠦ᠋ᠭᠡᠷ ᠰᠠᠷ᠎ᠠ ᠶᠢᠨ 12᠎ ᠠᠴᠠ 18᠎ ᠤ ᠡᠳᠦᠷ ᠪᠤᠯᠳᠠᠯ᠎ᠠ ᠪᠦᠬᠦ ᠤᠷᠤᠨ ᠤ ᠡᠯ᠎ᠠ ᠭᠠᠵᠠᠷ ᠡᠯ᠎ᠠ ᠰᠠᠯᠠᠭ᠎ᠠ ᠮᠦᠴᠢᠷ ᠲᠤ ᠬᠦᠨᠵᠡᠭᠡᠶᠢᠷᠡᠭᠦᠯᠦᠨ ᠲᠦᠪᠯᠡᠷᠡᠭᠦᠯᠦᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠦᠷᠨᠢᠭᠦᠯᠭᠦ ᠪᠠᠷ ᠲᠤᠬᠳᠠᠭ᠋ᠪᠠ᠃ 11ᠳ᠋ᠦ᠋ᠭᠡᠷ ᠰᠠᠷ᠎ᠠ ᠶᠢᠨ 8᠎ ᠤ ᠡᠳᠦᠷ ᠤᠨ ᠦᠳᠡ ᠶᠢᠨ ᠡᠮᠦᠨ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠳᠡᠰ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠵᠤ ᠤᠬᠠᠭᠤᠯᠤᠨ ᠲᠤᠤᠱᠯᠠᠭᠤᠯᠬᠤ ᠦᠪᠡᠷᠳᠡᠭᠡᠨ ᠵᠠᠰᠠᠬᠤ ᠤᠷᠤᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠲᠠᠶᠢᠴᠢᠯᠠᠯᠳᠠ ᠶᠢᠨ ᠬᠤᠷᠠᠯ ᠢ ᠵᠤᠬᠢᠶᠠᠨ ᠪᠠᠶᠢᠭᠤᠯᠤᠨ ᠬᠤᠷᠠᠯᠳᠤᠭᠤᠯᠪᠠ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠤᠬᠠᠭᠤᠯᠬᠤ ᠬᠡᠯᠳᠡᠰ ᠤᠨ ᠲᠠᠷᠤᠭ᠎ᠠ ᠪᠠᠢ ᠢᠤᠢ ᠭᠠᠩ ᠬᠤᠷᠠᠯ ᠳᠤ ᠤᠷᠤᠯᠴᠠᠵᠤ ᠲᠠᠶᠢᠴᠢᠯᠠᠯᠳᠠ ᠶᠢᠨ ᠶᠠᠷᠢᠶ᠎ᠠ ᠲᠠᠯᠪᠢᠵᠠᠢ᠃      ᠪᠠᠢ ᠢᠤᠢ ᠭᠠᠩ ᠵᠢᠭᠠᠭᠰᠠᠨ ᠨᠢ᠂ ᠲᠦᠪᠯᠡᠷᠡᠭᠦᠯᠦᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠵᠤᠬᠢᠶᠠᠨ ᠪᠠᠶᠢᠭᠤᠯᠤᠨ ᠰᠠᠶᠢᠲᠤᠷ ᠦᠷᠨᠢᠭᠦᠯᠭᠦ ᠨᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠮᠠᠨ ᠤ ᠤᠷᠤᠨ ᠳᠤ ᠪᠦᠬᠦ ᠲᠠᠯ᠎ᠠ ᠪᠠᠷ ᠲᠤᠤᠱᠯᠠᠭᠤᠯᠤᠨ ᠨᠡᠶᠢᠳᠡᠪᠦᠷᠢᠵᠢᠭᠤᠯᠬᠤ ᠶᠢ ᠠᠬᠢᠭᠤᠯᠬᠤ ᠳᠤ ᠠᠰᠢᠬᠳᠠᠢ᠂ ᠪᠦᠬᠦ ᠤᠷᠤᠨ ᠤ ᠦᠨᠳᠦᠰᠦᠳᠡᠨ ᠨᠦᠭᠦᠳ ᠤᠨ ᠺᠠᠳ᠋ᠷ ᠤᠯᠠᠨ ᠲᠦᠮᠡᠨ ᠤ ᠦᠵᠡᠯ ᠰᠠᠨᠠᠭᠠᠨ ᠤ ᠬᠠᠮᠳᠤ ᠶᠢᠨ ᠲᠡᠨᠢᠯᠳᠠ ᠶᠢ ᠨᠡᠩ ᠰᠠᠶᠢᠳᠤᠷ ᠨᠢᠬᠳᠠᠷᠠᠭᠤᠯᠬᠤ ᠳᠤ ᠠᠰᠢᠬᠳᠠᠢ᠂ ᠪᠦᠬᠦ ᠤᠷᠤᠨ ᠳᠤ ᠰᠤᠷᠤᠯᠴᠠᠨ ᠤᠬᠠᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠬᠤ ᠳᠤ ᠠᠰᠢᠬᠳᠠᠢ ᠶᠤᠮ᠃ ᠦᠪᠡᠷᠳᠡᠭᠡᠨ ᠵᠠᠰᠠᠬᠤ ᠤᠷᠤᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠯᠳᠦᠭᠦᠨ ᠨᠠᠷ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯ ᠢ ᠰᠠᠶᠢᠳᠤᠷ ᠬᠢᠭᠦ ᠬᠠᠷᠢᠭᠤᠴᠠᠯᠭᠠᠳᠦ ᠰᠡᠳᠬᠢᠯᠭᠡ ᠪᠤᠯᠤᠨ ᠲᠡᠤᠭᠡᠨ ᠡᠭᠦᠷᠭᠡᠳᠦ ᠰᠡᠳᠬᠢᠯᠭᠡ ᠪᠠᠨ ᠦᠨᠡᠨᠭᠦ ᠴᠢᠩᠭᠠᠳᠬᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠲᠤᠳᠤᠷᠬᠠᠢ ᠲᠠᠶᠢᠯᠪᠤᠷᠢᠯᠠᠵᠤ᠂ ᠤᠢᠢᠯᠠᠭᠠᠳᠠᠯ᠎ᠠ ᠲᠠᠶᠢᠯᠪᠤᠷᠢᠯᠠᠬᠤ ᠶᠢ ᠬᠦᠰᠡᠵᠤ ᠪᠠᠶᠢᠨ᠎ᠠ ᠬᠡᠪᠠ᠃      ᠪᠠᠢ ᠢᠤᠢ ᠭᠠᠩ ᠴᠢᠬᠤᠯᠠᠴᠢᠯᠠᠭᠰᠠᠨ ᠨᠢ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠰᠢᠰᠲ᠋ᠧᠮ ᠲᠠᠢ ᠤᠬᠠᠭᠤᠯᠤᠨ ᠲᠠᠶᠢᠯᠪᠤᠷᠢᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠭᠤᠤᠯ ᠰᠡᠳᠦᠪ ᠢ ᠬᠦᠨᠵᠡᠭᠡᠢ ᠤᠬᠠᠭᠤᠯᠤᠨ ᠲᠠᠶᠢᠯᠪᠤᠷᠢᠯᠠᠵᠤ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠲᠡᠤᠭᠡ ᠶᠢᠨ ᠪᠠᠶᠢᠷᠢ ᠰᠠᠭᠤᠷᠢ ᠪᠤᠯᠤᠨ ᠪᠠᠶᠠᠯᠢᠭ ᠠᠭᠤᠯᠬᠤᠨ ᠢ ᠬᠦᠨᠵᠡᠭᠡᠢ ᠤᠬᠠᠭᠤᠯᠤᠨ ᠲᠠᠶᠢᠯᠪᠤᠷᠢᠯᠠᠵᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠨᠠᠮ ᠪᠤᠯᠤᠨ ᠤᠯᠤᠰ ᠤᠨ ᠠᠵᠢᠯ ᠦᠢᠯᠡᠰ ᠤᠨ ᠬᠦᠭᠵᠢᠯᠳᠡ ᠶᠢᠨ ᠲᠡᠤᠭᠡᠳᠦ ᠴᠢᠨᠠᠷᠳᠠᠢ ᠬᠤᠪᠢᠰᠦᠯᠳᠡ ᠵᠡᠷᠭᠡ ᠠᠭᠤᠯᠭ᠎ᠠ ᠶᠢ ᠬᠦᠨᠵᠡᠭᠡᠢ ᠤᠬᠠᠭᠤᠯᠤᠨ ᠲᠠᠶᠢᠯᠪᠤᠷᠢᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠡᠭᠦᠷᠭᠡ ᠪᠠᠨ ᠴᠢᠨᠠᠷᠯᠢᠭ ᠪᠦᠭᠡᠳ ᠦᠨᠳᠦᠷ ᠲᠦᠪᠰᠢᠨ ᠢᠶᠠᠷ ᠪᠡᠶᠡᠯᠡᠭᠦᠯᠬᠦ ᠬᠡᠷᠡᠭᠳᠡᠢ᠂ ᠡᠯ᠎ᠠ ᠭᠠᠵᠠᠷ ᠡᠯ᠎ᠠ ᠰᠠᠯᠠᠭ᠎ᠠ ᠮᠦᠴᠢᠷ ᠤᠳ ᠴᠦ ᠤᠯᠠᠨ ᠬᠡᠯᠪᠡᠷᠢ ᠶᠢᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠦᠷᠨᠢᠭᠦᠯᠤᠨ᠂ ᠪᠦᠬᠦ ᠤᠷᠤᠨ ᠤ ᠦᠨᠳᠦᠰᠦᠳᠡᠨ ᠨᠦᠭᠦᠳ ᠎ ᠤᠨ ᠺᠠᠳ᠋ᠷ ᠤᠯᠠᠨ ᠲᠦᠮᠡᠨ ᠤ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠶᠢ ᠨᠠᠮ ᠤᠨ ᠲᠦᠪ ᠬᠤᠷᠢᠶ᠎ᠠ ᠶᠢᠨ ᠰᠢᠢᠳᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠳᠠ ᠲᠡᠭᠡᠷ᠎ᠠ ᠨᠡᠩ ᠰᠠᠶᠢᠳᠤᠷ ᠨᠢᠭᠡᠳᠦᠭᠦᠯᠵᠤ᠂ ︽ᠦᠵᠡᠰᠭᠦᠯᠡᠩᠳᠦ ᠰᠠᠶᠢᠬᠠᠨ ᠦᠪᠦᠷ ᠮᠤᠩᠭᠤᠯ ᠢ ᠪᠦᠳᠦᠭᠡᠨ ᠪᠠᠶᠢᠭᠤᠯᠵᠤ ᠠᠭᠤᠤ ᠶᠡᠭᠡ ᠲᠤᠮᠳᠠᠳᠤ ᠶᠢᠨ ᠵᠡᠭᠦᠳᠦ ᠶᠢ ᠬᠠᠮᠳᠤᠪᠡᠷ ᠲᠡᠷᠬᠡᠯᠰᠢᠭᠦᠯᠭᠦ︾᠎ ᠳᠤ ᠨᠡᠩ ᠶᠡᠭᠡ ᠰᠢᠨ᠎ᠠ ᠬᠦᠴᠦᠨ ᠴᠢᠳᠠᠯ ᠢᠶᠠᠨ ᠨᠡᠮᠡᠷᠢᠯᠡᠭᠦ ᠬᠡᠷᠡᠭᠳᠡᠢ ᠬᠡᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号