ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2017 ᠣᠨ ᠤ 18 ᠳ᠋ᠤᠭᠠᠷ ᠣᠳᠠᠭ᠎ᠠ ᠎ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2017/12/1
     11 ᠳ᠋ᠦ᠋ᠭᠡᠷ ᠰᠠᠷ᠎ᠠ ᠶᠢᠨ 29᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠲᠦᠷᠦ ᠶᠢᠨ ᠶᠠᠪᠤᠳᠠᠯ ᠤᠨ ᠬᠤᠷᠢᠶ᠎ᠠ ᠶᠢᠨ ︿13· 5﹀᠎ ᠶᠢᠨ ᠬᠤᠭᠤᠴᠠᠭᠠᠨ ᠤ ᠠᠵᠢᠯ ᠤᠯᠭᠤᠯᠳᠠ ᠶᠢ ᠠᠬᠢᠭᠤᠯᠬᠤ ᠲᠦᠯᠦᠪᠵᠢᠭᠦᠯᠭᠡ︾᠎ ᠶᠢ ᠲᠤᠤᠱᠯᠠᠭᠤᠯᠤᠨ ᠨᠡᠶᠢᠳᠡᠪᠦᠷᠢᠵᠢᠭᠤᠯᠬᠤ ᠲᠤᠬᠠᠢ ᠬᠡᠷᠡᠭᠵᠢᠭᠦᠯᠭᠦ ᠰᠠᠨᠠᠯ᠂ ᠤᠳᠤᠬᠠᠨ ᠤ ᠪᠠ ᠬᠤᠶᠢᠰᠢᠳᠡ ᠶᠢᠨ ᠨᠢᠭᠡ ᠬᠤᠭᠤᠴᠠᠭᠠᠨ ᠤ ᠠᠵᠢᠯ ᠤᠯᠭᠤᠬᠤ ᠠᠳᠠᠯ ᠦᠢᠯᠡᠰ ᠴᠣᠭᠴᠠᠯᠠᠬᠤ ᠠᠵᠢᠯ ᠢ ᠰᠠᠶᠢᠳᠤᠷ ᠬᠢᠭᠦ ᠲᠤᠬᠠᠢ ᠬᠡᠷᠡᠭᠵᠢᠭᠦᠯᠭᠦ ᠰᠠᠨᠠᠯ᠂ ᠬᠤᠳᠠ ᠬᠦᠳᠡᠭᠡ ᠶᠢᠨ ᠨᠡᠶᠢᠭᠡᠮ ᠲᠤᠭᠤᠷᠢᠭ ᠤᠨ ᠵᠠᠰᠠᠯᠳᠠ ᠶᠢ ᠴᠢᠨᠠᠬᠰᠢᠳᠠ ᠴᠢᠩᠭᠠᠳᠬᠠᠨ ᠪᠦᠷᠢᠨᠰᠢᠭᠦᠯᠬᠦ ᠲᠤᠬᠠᠢ ᠬᠡᠷᠡᠭᠵᠢᠭᠦᠯᠭᠦ ᠰᠠᠨᠠᠯ ᠵᠡᠷᠭᠡ ᠵᠦᠢᠯᠡᠰ ᠢ ᠰᠤᠳᠤᠯᠪᠠ᠃      ᠬᠤᠷᠠᠯ ᠠᠴᠠ ᠵᠢᠭᠠᠭᠰᠠᠨ ᠨᠢ᠂ ᠠᠵᠢᠯ ᠤᠯᠭᠤᠯᠳᠠ ᠪᠤᠯ ᠬᠠᠮᠤᠭ ᠤᠨ ᠶᠡᠭᠡ ᠠᠷᠠᠳ ᠤᠨ ᠠᠮᠢᠳᠤᠷᠠᠯ  ᠮᠥᠨ᠂ ᠠᠵᠤ ᠠᠬᠤᠢ ᠶᠢᠨ ᠬᠦᠭᠵᠢᠯᠳᠡ ᠨᠡᠶᠢᠭᠡᠮ ᠤᠨ ᠡᠶ᠎ᠡ ᠵᠤᠬᠢᠴᠠᠩᠭᠤᠢ ᠲᠤᠬᠳᠠᠭᠤᠨ ᠪᠠᠶᠢᠳᠠᠯ ᠢ ᠠᠬᠢᠭᠤᠯᠬᠤ ᠦᠨᠳᠦᠰᠦᠨ ᠪᠠᠳᠤᠯᠠᠭ᠎ᠠ ᠮᠦᠨ ᠪᠦᠭᠡᠳ ᠡᠯ᠎ᠠ ᠱᠠᠳᠤᠨ ᠤ ᠵᠠᠰᠠᠭ ᠤᠨ ᠤᠷᠳᠤᠨ ᠤ ᠴᠢᠬᠤᠯᠠ  ᠡᠭᠦᠷᠭᠡ ᠬᠠᠷᠢᠭᠤᠴᠠᠯᠭ᠎ᠠ ᠮᠦᠨ᠃ ᠡᠯ᠎ᠠ ᠭᠠᠵᠠᠷ ᠤᠷᠤᠨ᠂ ᠡᠯ᠎ᠠ ᠰᠠᠯᠠᠭ᠎ᠠ ᠮᠦᠴᠢᠷ ᠤᠳ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠡᠶᠢᠳᠡᠪᠦᠷᠢᠵᠢᠭᠤᠯᠵᠤ᠂ ᠠᠵᠢᠯ ᠤᠯᠭᠤᠯᠳᠠ ᠶᠢ ᠲᠡᠷᠢᠭᠦᠨ ᠴᠢᠬᠤᠯᠠ ᠶᠠᠪᠤᠳᠠᠯ ᠪᠤᠯᠭᠠᠨ ᠠᠳᠬᠤᠵᠤ᠂ ᠤᠯᠠᠨ ᠠᠷᠭ᠎ᠠ ᠶᠢ ᠵᠡᠷᠬᠡᠪᠡᠷ ᠬᠡᠷᠡᠭᠯᠡᠨ ᠠᠵᠢᠯ ᠤᠯᠭᠤᠬᠤ ᠠᠵᠢᠯ ᠤᠨ ᠪᠠᠶᠢᠷᠢ ᠶᠢ ᠠᠭᠤᠳᠠᠯᠤᠨ᠂ ᠦᠢ ᠤᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ ᠲᠥᠭ ᠲᠦᠮᠡᠨ ᠎ ᠢᠶᠠᠷ ᠢᠶᠠᠨ ᠰᠢᠨ᠎ᠠ ᠶᠢ ᠡᠭᠦᠳᠭᠦ ᠶᠢ ᠠᠬᠢᠭᠤᠯᠵᠤ᠂ ᠬᠦᠳᠡᠯᠮᠤᠷᠢ ᠬᠦᠴᠦ ᠪᠤᠯᠤᠨ ᠴᠢᠳᠠᠪᠤᠷᠢᠳᠠᠨ ᠤ ᠨᠡᠶᠢᠭᠡᠮᠴᠢ ᠴᠢᠨᠠᠷᠳᠠᠢ ᠰᠢᠯᠵᠢᠯᠳᠡ ᠶᠢ ᠬᠠᠷᠰᠢᠯᠠᠵᠤ ᠪᠦᠬᠦᠢ ᠲᠤᠬᠳᠠᠴᠠ ᠶᠢᠨ ᠭᠡᠮ ᠰᠤᠭᠤᠬ ᠢ ᠬᠦᠴᠦ ᠤᠷᠤᠭᠤᠯᠤᠨ ᠴᠡᠪᠡᠷᠯᠡᠵᠤ᠂ ᠨᠡᠩ ᠴᠢᠨᠠᠷᠯᠢᠭ ᠪᠦᠭᠡᠳ ᠨᠡᠩ ᠬᠦᠢᠴᠡᠳ ᠠᠵᠢᠯ ᠤᠯᠭᠤᠯᠳᠠ ᠶᠢ ᠪᠡᠶᠡᠯᠡᠭᠦᠯᠦᠨ᠂ ᠬᠦᠮᠦᠨ ᠪᠤᠯᠭᠠᠨ ᠳᠤ ᠰᠢᠷᠭᠠᠭᠤ ᠬᠦᠳᠡᠯᠮᠤᠷᠢ ᠪᠠᠷ ᠢᠶᠠᠨ ᠲᠠᠮᠵᠢᠨ ᠲᠤᠰ ᠪᠡᠶ᠎ᠠ ᠶᠢᠨ ᠬᠦᠭᠵᠢᠯᠳᠡ ᠪᠠᠨ ᠪᠡᠶᠡᠯᠡᠭᠦᠯᠭᠦ ᠠᠵᠠ ᠲᠤᠬᠢᠶᠠᠯ ᠤᠯᠭᠤᠬᠤ ᠬᠡᠷᠡᠭᠳᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠬᠤᠳᠠ ᠬᠦᠳᠡᠭᠡ ᠶᠢᠨ ᠨᠡᠶᠢᠭᠡᠮ ᠲᠤᠭᠤᠷᠢᠭ ᠤᠨ ᠵᠠᠰᠠᠯᠳᠠ ᠨᠢ ᠨᠠᠮ ᠪᠤᠯᠤᠨ ᠤᠯᠤᠰ ᠤᠨ ᠶᠡᠭᠡ ᠪᠤᠳᠤᠯᠭ᠎ᠠ ᠴᠢᠭᠯᠡᠯᠳᠡ ᠶᠢ ᠲᠤᠤᠱᠯᠠᠭᠤᠯᠤᠨ ᠨᠡᠶᠢᠳᠡᠪᠦᠷᠢᠵᠢᠭᠤᠯᠬᠤ ᠲᠠᠢ ᠬᠤᠯᠪᠤᠬᠳᠠᠨ᠂ ᠰᠠᠭᠤᠭᠠᠯᠢ ᠠᠷᠠᠳ ᠤᠨ ᠦᠨᠳᠦᠰᠦᠨ ᠠᠰᠢᠭ ᠲᠤᠰᠠ ᠲᠠᠢ ᠬᠤᠯᠪᠤᠬᠳᠠᠵᠤ᠂ ᠬᠤᠳᠠ ᠬᠦᠳᠡᠭᠡ ᠶᠢᠨ ᠦᠨᠳᠦᠰᠤᠨ ᠱᠠᠳᠤᠨ ᠤ ᠡᠶ᠎ᠡ ᠵᠤᠬᠢᠴᠠᠩᠭᠤᠢ ᠲᠤᠬᠳᠠᠭᠤᠨ ᠪᠠᠶᠢᠳᠠᠯ ᠲᠠᠢ ᠬᠤᠯᠪᠣᠭᠳᠠᠳᠠᠭ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠲᠤᠷᠠᠳᠤᠬᠰᠠᠨ ︽ᠬᠠᠮᠳᠤᠪᠡᠷ ᠪᠠᠶᠢᠭᠤᠯᠬᠤ ᠬᠠᠮᠳᠤᠪᠡᠷ ᠵᠠᠰᠠᠬᠤ ᠬᠠᠮᠳᠤᠪᠡᠷ ᠬᠦᠷᠲᠡᠬᠦ ᠨᠡᠶᠢᠭᠡᠮ ᠤᠨ ᠵᠠᠰᠠᠯᠳᠠ ᠶᠢᠨ ᠪᠠᠶᠢᠷᠢᠰᠢᠯ ᠢ ᠴᠤᠬᠴᠠᠯᠠᠬᠤ︾ ᠱᠠᠭᠠᠷᠳᠠᠯᠭ᠎ᠠ ᠶᠤᠰᠤᠭᠠᠷ᠂ ᠬᠤᠳᠠ ᠬᠦᠳᠡᠭᠡ ᠶᠢᠨ ᠨᠡᠶᠢᠭᠡᠮ ᠲᠤᠭᠤᠷᠢᠭ ᠤᠨ ᠵᠠᠰᠠᠯᠳᠠ ᠶᠢᠨ ᠰᠢᠰᠲ᠋ᠧᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠵᠤ᠂ ᠬᠤᠳᠠ ᠬᠦᠳᠡᠭᠡ ᠶᠢᠨ ᠨᠡᠶᠢᠭᠡᠮ ᠲᠤᠭᠤᠷᠢᠭ ᠤᠨ ᠵᠠᠰᠠᠯᠳᠠ ᠶᠢᠨ ᠲᠦᠪᠰᠢᠨ ᠢ ᠲᠡᠭᠡᠭᠰᠢᠯᠡᠭᠦᠯᠦᠨ᠂ ᠬᠤᠳᠠ ᠬᠦᠳᠡᠭᠡ ᠶᠢᠨ ᠨᠡᠶᠢᠭᠡᠮ ᠲᠤᠭᠤᠷᠢᠭ ᠤᠨ ᠵᠠᠰᠠᠯᠳᠠ ᠶᠢᠨ ᠲᠤᠳᠠᠭᠤᠳᠠᠯ ᠢ ᠨᠦᠬᠦᠪᠦᠷᠢᠯᠡᠵᠤ᠂ ᠨᠠᠮ ᠤᠨ ᠤᠳᠤᠷᠢᠳᠤᠯᠭ᠎ᠠ ᠲᠤᠤᠷᠠᠬᠢ ᠵᠠᠰᠠᠭ ᠤᠨ ᠤᠷᠳᠤᠨ ᠤ ᠵᠠᠰᠠᠯᠳᠠ ᠪᠠ ᠨᠡᠶᠢᠭᠡᠮ ᠤᠨ ᠲᠤᠬᠢᠷᠠᠭᠤᠯᠤᠯᠳᠠ᠂ ᠰᠠᠭᠤᠭᠠᠯᠢ ᠠᠷᠠᠳ ᠤᠨ ᠦᠪᠡᠷᠰᠡᠳ ᠢᠶᠠᠨ ᠵᠠᠰᠠᠬᠤ ᠰᠢᠯᠢᠳᠡᠭ ᠰᠠᠶᠢᠨ ᠬᠤᠷᠰᠢᠯᠴᠠᠯ ᠤᠨ ᠪᠠᠶᠢᠷᠢᠰᠢᠯ ᠢ ᠪᠦᠷᠢᠯᠳᠦᠭᠦᠯᠬᠦ ᠶᠢ ᠠᠬᠢᠭᠤᠯᠵᠤ᠂ ᠬᠤᠳᠠ ᠬᠦᠳᠡᠭᠡ ᠶᠢᠨ ᠨᠡᠶᠢᠭᠡᠮ ᠲᠤᠭᠤᠷᠢᠭ ᠤᠨ ᠵᠠᠰᠠᠯᠳᠠ ᠶᠢᠨ ᠬᠠᠤᠯᠢᠵᠢᠯᠳᠠ᠂ ᠰᠢᠨᠵᠢᠯᠡᠭᠦ ᠤᠬᠠᠭᠠᠨᠴᠢᠯᠠᠯᠳᠠ᠂ ᠨᠠᠷᠢᠯᠢᠬᠵᠢᠯᠳᠠ ᠶᠢᠨ ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠭᠦᠯᠭᠦ ᠬᠡᠷᠡᠭᠳᠡᠢ ᠭᠡᠵᠡᠢ᠃      ᠬᠤᠷᠠᠯ ᠠᠴᠠ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠴᠢᠯᠠᠭᠤᠨ ᠲᠤᠰᠤ ᠪᠠ ᠬᠢᠮᠢ ᠶᠢᠨ ᠠᠵᠤ ᠦᠢᠯᠡᠳᠪᠦᠷᠢ ᠶᠢᠨ ᠪᠦᠳᠦᠭᠡᠨ ᠪᠠᠶᠢᠭᠤᠯᠤᠯᠳᠠ ᠶᠢᠨ ᠪᠠᠷᠢᠯᠭ᠎ᠠ ᠶᠢᠨ ᠶᠠᠰᠦ ᠴᠢᠨᠠᠷ ᠲᠤ  ᠮᠡᠷᠭᠡᠵᠢᠯ ᠤᠨ ᠬᠢᠨᠠᠯᠳᠠ ᠲᠠᠯᠪᠢᠬᠤ ᠬᠠᠮᠢᠶᠠᠷᠤᠯᠳᠠ ᠶᠢᠨ ᠠᠷᠭ᠎ᠠ ︵ᠲᠦᠰᠦᠯ︶︾ ᠪᠣᠯᠣᠨ ︽ᠵᠠᠰᠠᠭ ᠤᠨ ᠤᠷᠳᠤᠨ ᠤ ᠬᠡᠰᠡᠭ ᠲᠦᠷᠢᠮ ᠲᠤᠬᠳᠠᠭᠠᠯ ᠳᠤ ᠵᠠᠰᠠᠪᠤᠷᠢ ᠤᠷᠤᠭᠤᠯᠬᠤ ᠪᠠ ᠬᠦᠴᠦᠨ ᠦᠭᠡᠢ ᠪᠤᠯᠭᠠᠬᠤ ᠲᠤᠬᠠᠢ ᠲᠤᠬᠳᠠᠭᠠᠯ ︵ᠲᠦᠰᠦᠯ︶︾᠎ ᠢ ᠬᠢᠨᠠᠨ ᠵᠦᠪᠯᠡᠵᠤ ᠪᠠᠳᠤᠯᠠᠪᠠ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号