ᠤᠯᠠᠭᠠᠨᠬᠠᠳᠠ ᠬᠤᠲᠠ ᠠᠵᠤ ᠦᠢᠯᠡᠰ ᠤᠨ ᠬᠦᠷᠢᠶᠡᠯᠡᠩ ᠲᠤᠭᠤᠷᠢᠭ ᠢᠶᠠᠷ ᠶᠠᠳᠠᠭᠤ ᠶᠢ ᠲᠡᠳᠭᠦᠬᠦ ᠵᠠᠭᠪᠤᠷᠰᠢᠯ ᠢ ᠴᠤᠭᠴᠠᠯᠠᠪᠠ
ᠨᠡᠶᠢᠲᠡᠯᠡᠭᠰᠡᠨ ᠴᠠᠭ᠄
2017/12/12
      ᠤᠯᠠᠭᠠᠨᠬᠠᠳᠠ ᠬᠤᠲᠠ ᠶᠠᠳᠠᠭᠤ ᠶᠢ ᠲᠡᠳᠬᠦᠬᠦ ᠠᠵᠤ ᠦᠢᠯᠡᠰ ᠤᠨ ᠬᠦᠭᠵᠢᠯᠲᠡ ᠬᠢᠭᠡᠳ ᠰᠢᠶᠠᠨ ᠤ ᠬᠡᠪᠴᠢᠶᠡᠨ ᠤ ᠠᠵᠤ ᠠᠬᠤᠢ ᠨᠡᠶᠢᠭᠡᠮ ᠤᠨ ᠬᠦᠭᠵᠢᠯᠲᠡ ᠶᠢ ᠤᠷᠭᠠᠨᠢᠭ ᠢᠶᠠᠷ ᠤᠶᠠᠯᠳᠤᠭᠤᠯᠵᠤ᠂ ᠦᠨᠳᠦᠷ ᠪᠠᠷᠢᠮᠵᠢᠶ᠎ᠠ  ᠲᠠᠢ᠂ ᠦᠷᠭᠡᠨ ᠬᠡᠪᠴᠢᠶ᠎ᠠ ᠲᠠᠢ᠂ ᠵᠢᠱᠢᠶ᠎ᠡ ᠦᠵᠡᠬᠦᠯᠦᠨ ᠳᠠᠶᠢᠴᠢᠯᠠᠬᠤ ᠦᠢᠯᠡᠳᠦᠯ ᠢᠶᠠᠷ ᠴᠢᠩᠭ᠎ᠠ ᠪᠦᠬᠦᠢ ᠶᠠᠳᠠᠭᠤ ᠶᠢ ᠲᠡᠳᠬᠦᠬᠦ ᠠᠵᠤ ᠦᠢᠯᠡᠰ ᠤᠨ ᠬᠦᠷᠢᠶᠡᠯᠡᠩ ᠲᠤᠭᠤᠷᠢᠭ ᠢ ᠲᠦᠯᠦᠪᠵᠢᠬᠦᠯᠦᠨ ᠪᠦᠲᠦᠭᠡᠨ ᠪᠠᠶᠢᠭᠤᠯᠵᠤ᠂ ᠰᠠᠶᠢᠨ ᠦᠷ᠎ᠡ ᠪᠦᠲᠦᠮᠵᠢ ᠤᠯᠵᠠᠢ᠃      ᠤᠯᠠᠭᠠᠨᠬᠠᠳᠠ ᠬᠤᠲᠠ ᠶᠢᠨ 12 ᠬᠤᠰᠢᠭᠤ ᠰᠢᠶᠠᠨ ᠲᠤᠭᠤᠷᠢᠭ 80.16 ᠳ᠋ᠦᠡᠭᠰᠢᠭᠤᠷ ᠲᠦᠬᠦᠷᠢᠭ ᠤᠨ ᠪᠡᠯᠡ ᠤᠷᠤᠭᠤᠯᠵᠤ᠂ ᠶᠠᠳᠠᠭᠤ ᠶᠢ ᠲᠡᠳᠬᠦᠬᠦ ᠠᠵᠤ ᠦᠢᠯᠡᠰ ᠤᠨ ᠬᠦᠷᠢᠶᠡᠯᠡᠩ ᠲᠤᠭᠤᠷᠢᠭ ᠢ 35 ᠪᠦᠲᠦᠭᠡᠨ ᠪᠠᠶᠢᠭᠤᠯᠬᠤ ᠪᠠᠷ ᠲᠦᠯᠦᠪᠯᠡᠵᠠᠢ᠂ ᠤᠳᠤᠬᠠᠨ ᠳᠤ᠂ 9 ᠨᠢ ᠬᠡᠷᠡᠭᠯᠡᠯᠲᠡ ᠳᠤ ᠤᠷᠤᠵᠤ᠂  ᠶᠠᠳᠠᠭᠤ ᠬᠦᠴᠢᠷᠳᠡᠯᠲᠠᠢ 27549 ᠡᠷᠦᠬᠡ᠂ 57813 ᠬᠦᠮᠦᠨ ᠢ ᠳᠠᠶᠢᠴᠢᠯᠠᠭᠰᠠᠨ ᠪᠠᠶᠢᠨ᠎ᠠ᠃ ᠵᠢᠱᠢᠶᠡᠯᠡᠪᠡᠯ ᠠᠤᠬᠠᠨ ᠬᠤᠰᠢᠭᠤ ᠨᠢ ᠳ᠋ᠦᠡᠭ ᠡᠸ᠋ ᠡᠸ᠋ ᠵᠢᠶᠤᠤ ᠪᠦᠯᠦᠭᠯᠡᠯ ᠲᠠᠢ ᠬᠠᠮᠲᠤᠷᠠᠯᠴᠠᠵᠤ᠂ 4.7 ᠳ᠋ᠦᠡᠭᠰᠢᠭᠤᠷ ᠲᠦᠬᠦᠷᠢᠭ ᠤᠨ ᠪᠡᠯᠡ ᠤᠷᠤᠭᠤᠯᠤᠨ ᠶᠠᠳᠠᠭᠤ ᠶᠢ ᠲᠡᠳᠭᠦᠬᠦ ᠬᠠᠷ᠎ᠠ ᠡᠯᠵᠢᠭᠡ ᠶᠢᠨ ᠬᠦᠷᠢᠶᠡᠯᠡᠩ ᠲᠤᠭᠤᠷᠢᠭ ᠢ ᠴᠤᠭᠴᠠᠯᠠᠵᠤ᠂ 15000 ᠬᠠᠷ᠎ᠠ ᠡᠯᠵᠢᠭᠡ ᠲᠡᠵᠢᠭᠡᠨ᠂ 231 ᠭᠠᠴᠠᠭ᠎ᠠ ᠲᠤᠰᠬᠤᠨ᠂ ᠶᠠᠳᠠᠭᠤ ᠬᠦᠴᠢᠷᠳᠡᠯᠲᠠᠢ 18370 ᠡᠷᠦᠬᠡ᠂ 33070 ᠬᠦᠮᠦᠨ ᠢ ᠬᠠᠮᠤᠷᠴᠤ᠂ ᠦᠷ᠎ᠡ ᠠᠰᠢᠭ ᠨᠢ ᠳᠠᠬᠢᠨ ᠢᠶᠠᠷ ᠨᠡᠮᠡᠭᠳᠡᠨ᠂ ᠲᠡᠵᠢᠭᠡᠨ ᠦᠷᠡᠵᠢᠬᠦᠯᠬᠦ ᠡᠷᠦᠬᠡ ᠪᠦᠷᠢ ᠶᠢᠨ ᠵᠢᠯ ᠤᠨ ᠤᠷᠤᠯᠭ᠎ᠠ ᠨᠢ 2 ᠲᠦᠮᠡᠨ ᠲᠦᠬᠦᠷᠢᠭ ᠠᠴᠠ ᠳᠡᠭᠡᠭᠰᠢ ᠳᠤ ᠬᠦᠷᠪᠡ᠃ ᠨᠢᠩᠴᠸᠡᠭ ᠰᠢᠶᠠᠨ ᠪᠡᠯᠡᠳᠭᠡᠮᠵᠢᠲᠦ ᠲᠠᠷᠢᠶᠠᠯᠠᠩ ᠤᠨ ᠬᠦᠷᠢᠶᠡᠯᠡᠩ ᠲᠤᠭᠤᠷᠢᠭ ᠢ ᠪᠠᠷᠢᠮᠲᠠᠯᠠᠨ ᠬᠦᠭᠵᠢᠬᠦᠯᠦᠭᠰᠡᠭᠡᠷ ᠢᠷᠡᠵᠠᠢ᠂ ᠦᠨᠦ ᠪᠤᠯᠬᠤ ᠳᠤ ᠲᠦᠮᠡᠨ ᠮᠤ᠋ ᠶᠢᠨ ᠪᠡᠯᠡᠳᠭᠡᠮᠵᠢᠲᠦ ᠲᠠᠷᠢᠶᠠᠯᠠᠩ ᠤᠨ ᠬᠦᠷᠢᠶᠡᠯᠡᠩ ᠲᠤᠭᠤᠷᠢᠭ 6᠂ ᠮᠢᠩᠭᠠᠨ ᠮᠤ᠋ ᠶᠢᠨ ᠨᠠᠷᠠᠨ ᠬᠡᠷᠡᠯᠲᠦ ᠬᠦᠯᠡᠮᠵᠢ ᠶᠢᠨ ᠬᠦᠷᠢᠶᠡᠯᠡᠩ ᠲᠤᠭᠤᠷᠢᠭ 64᠂ 100 ᠲᠦᠮᠡᠨ ᠨᠢᠭᠡᠴᠢ ᠠᠴᠠ ᠳᠡᠭᠡᠭᠰᠢᠬᠢ ᠢᠳᠡᠰᠢᠨ ᠮᠦᠬᠦ ᠶᠢᠨ ᠪᠠᠭ᠎ᠠ ᠲᠤᠭᠤᠷᠢᠭ 38᠂ ᠪᠡᠯᠡᠳᠭᠡᠮᠵᠢᠲᠦ ᠲᠠᠷᠢᠶᠠᠯᠠᠩ ᠤᠨ ᠲᠤᠰᠬᠠᠢ ᠮᠡᠷᠭᠡᠵᠢᠯ ᠤᠨ ᠲᠤᠰᠬᠤᠨ 58 ᠶᠢ ᠪᠠᠶᠢᠭᠤᠯᠵᠠᠢ᠃ ᠪᠦᠬᠦ ᠰᠢᠶᠠᠨ ᠤ ᠪᠡᠯᠡᠳᠭᠡᠮᠵᠢᠲᠦ ᠲᠠᠷᠢᠶᠠᠯᠠᠩ ᠤᠨ ᠶᠡᠷᠦᠩᠭᠡᠢ ᠲᠠᠯᠠᠪᠠᠢ ᠨᠢ 39 ᠲᠦᠮᠡᠨ ᠮᠤ᠋ ᠳᠤ ᠬᠦᠷᠴᠦ᠂ ᠦᠪᠦᠷ ᠮᠤᠩᠭᠤᠯ ᠳᠤ ᠤᠷᠤᠶᠢᠯᠠᠵᠤ᠂ ᠵᠠᠰᠠᠭ ᠵᠠᠬᠢᠷᠭᠠᠨ ᠤ 191 ᠲᠤᠰᠬᠤᠨ᠂ 6.6 ᠲᠦᠮᠡᠨ ᠡᠷᠦᠭᠡ᠂ 16 ᠲᠦᠮᠡᠨ ᠬᠦᠮᠦᠨ ᠢ ᠬᠠᠮᠤᠷᠴᠤ᠂  ᠬᠦᠮᠦᠨ ᠪᠦᠷᠢ ᠶᠢᠨ ᠤᠷᠤᠯᠭ᠎ᠠ ᠶᠢ 4100 ᠲᠦᠭᠦᠷᠢᠭ ᠪᠤᠯᠭᠠᠨ ᠨᠡᠮᠡᠭᠳᠡᠭᠦᠯᠵᠠᠢ᠃ ᠤᠶᠢᠷ᠎ᠠ ᠶᠢᠨ ᠲᠠᠪᠤᠨ ᠵᠢᠯ ᠤᠨ ᠲᠤᠷᠰᠢ ᠶᠠᠳᠠᠭᠤ ᠬᠦᠴᠢᠷᠳᠡᠯᠲᠠᠢ 3570 ᠡᠷᠦᠭᠡ᠂ 1.1 ᠲᠦᠮᠡᠨ ᠬᠦᠮᠦᠨ ᠢ ᠳᠠᠶᠢᠴᠢᠯᠠᠨ ᠶᠠᠳᠠᠭᠤ ᠠᠴᠠ ᠲᠤᠭᠲᠠᠭᠤᠨ ᠢᠶᠠᠷ ᠠᠩᠬᠢᠵᠢᠷᠠᠭᠤᠯᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号