ᠬᠥᠬᠡᠬᠤᠲᠠ ᠶᠢᠨ ᠬᠤᠷᠢᠨᠭᠡᠷ ᠰᠢᠶᠠᠨ ︽ᠡᠮ ᠡᠮᠨᠡᠯᠭᠡ ᠶᠢᠨ ᠬᠠᠮᠲᠤ ᠶᠢᠨ ᠴᠣᠭᠴᠠ︾ ᠶᠢᠨ ᠭᠡᠷ᠎ᠡ ᠲᠣᠭᠲᠠᠬᠤ ᠢᠯᠡᠷᠬᠡᠶᠢᠯᠡᠯ ᠰᠡᠬᠦᠬᠦ ᠡᠬᠢᠯᠡᠯᠲᠡ ᠶᠢᠨ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2017/12/13
     12 ᠳ᠋ᠤᠭᠠᠷ ᠰᠠᠷ᠎ᠠ ᠶᠢᠨ 11 ᠤ ᠡᠳᠦᠷ ᠤᠨ ᠦᠳᠡ ᠶᠢᠨ ᠡᠮᠦᠨ᠎ᠡ᠂ ᠬᠥᠬᠡᠬᠤᠲᠠ ᠶᠢᠨ ᠬᠤᠷᠢᠨᠭᠡᠷ ᠰᠢᠶᠠᠨ ᠤ ︽ᠡᠮ ᠡᠮᠨᠡᠯᠭᠡ ᠶᠢᠨ ᠬᠠᠮᠲᠤ ᠶᠢᠨ ᠴᠣᠭᠴᠠ︾ ᠶᠢᠨ ᠭᠡᠷ᠎ᠡ ᠲᠣᠭᠲᠠᠬᠤ ᠢᠯᠡᠷᠬᠡᠶᠢᠯᠡᠯ ᠰᠡᠬᠦᠬᠦ ᠡᠬᠢᠯᠡᠯᠲᠡ ᠶᠢᠨ ᠶᠣᠰᠣᠯᠠᠯ ᠬᠤᠷᠢᠨᠭᠡᠷ ᠰᠢᠶᠠᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠲᠣᠪᠴᠢᠶ᠎ᠠ ᠳᠤ ᠶᠠᠪᠤᠭᠳᠠᠵᠤ᠂ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠲᠣᠪᠴᠢᠶᠠᠨ ᠤ ᠤᠳᠤᠷᠢᠳᠬᠤ ᠪᠠᠭ ᠤᠨ ᠪᠦᠷᠢᠯᠳᠦᠬᠦᠨ᠂ ᠰᠢᠶᠠᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ᠂ ᠡᠬᠡ ᠨᠢᠯᠬᠠᠰ ᠤᠨ ᠡᠷᠡᠭᠦᠯ ᠮᠡᠨᠳᠥ ᠶᠢ ᠬᠠᠮᠠᠭᠠᠯᠠᠬᠤ ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ ᠲᠥᠪ᠂ ᠡᠮ ᠡᠮᠨᠡᠯᠭᠡ ᠶᠢᠨ ᠬᠠᠮᠲᠤ ᠶᠢᠨ ᠴᠣᠭᠴᠠ ᠶᠢᠨ ᠭᠡᠷ᠎ᠡ ᠲᠣᠭᠲᠠᠭᠰᠠᠨ ᠡᠷᠡᠭᠦᠯ ᠬᠠᠮᠠᠭᠠᠯᠠᠯ ᠤᠨ ᠬᠤᠷᠢᠶᠠᠨ ᠤ ᠬᠠᠷᠢᠭᠤᠴᠠᠯᠭᠠᠲᠠᠨ ᠵᠢᠴᠢ ᠪᠦᠬᠦ ᠰᠢᠶᠠᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠬᠡᠰᠡᠭ ᠡᠷᠡᠭᠦᠯ ᠬᠠᠮᠠᠭᠠᠯᠠᠯ ᠤᠨ ᠲᠠᠰᠤᠭ ᠤᠨ ᠬᠠᠷᠢᠭᠤᠴᠠᠯᠭᠠᠲᠠᠨ ᠶᠣᠰᠣᠯᠠᠯ ᠳᠤ ᠣᠷᠣᠯᠴᠠᠵᠠᠶ᠃      ᠲᠤᠰ ᠤᠳᠠᠭ᠎ᠠ ᠡᠮ ᠡᠮᠨᠡᠯᠭᠡ ᠶᠢᠨ ᠭᠤᠷᠪᠠᠨ ᠬᠠᠮᠲᠤ ᠶᠢᠨ ᠴᠣᠭᠴᠠ ᠶᠢᠨ ᠭᠡᠷ᠎ᠡ ᠲᠣᠭᠲᠠᠵᠠᠢ᠂ ᠡᠨᠡ ᠨᠢ ᠳᠤᠰ ᠳᠤᠰ ︽ᠶᠡᠷᠦᠩᠬᠡᠶᠢᠯᠡᠭᠰᠡᠨ ᠦᠢᠯᠡᠴᠢᠯᠡᠭᠡ︾ ᠪᠠᠷ ᠣᠨᠴᠠᠯᠢᠭ ᠪᠣᠯᠭᠠᠭᠰᠠᠨ ᠰᠢᠶᠠᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠡᠮᠨᠡᠯᠭᠡ ᠶᠢᠨ ᠬᠠᠮᠲᠤ ᠶᠢᠨ ᠴᠣᠭᠴᠠ︔ ︽ᠮᠣᠩᠭᠤᠯ ᠬᠢᠲᠠᠳ ᠡᠮ ᠡᠮᠨᠡᠯᠭᠡ ᠶᠢᠨ ᠦᠢᠯᠡᠴᠢᠯᠡᠭᠡ︾  ᠪᠠᠷ ᠣᠨᠴᠠᠯᠢᠭ ᠪᠣᠯᠭᠠᠭᠰᠠᠨ ᠮᠣᠩᠭᠤᠯ ᠬᠢᠲᠠᠳ ᠡᠮᠨᠡᠯᠭᠡ ᠶᠢᠨ ᠬᠤᠷᠢᠶᠠᠨ ᠤ ᠡᠮ ᠡᠮᠨᠡᠯᠭᠡ ᠶᠢᠨ ᠬᠠᠮᠲᠤ ᠶᠢᠨ ᠴᠣᠭᠴᠠ︔ ︽ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠦᠢᠯᠡᠴᠢᠯᠡᠭᠡ︾ ᠪᠠᠷ ᠣᠨᠴᠠᠯᠢᠭ ᠪᠣᠯᠭᠠᠭᠰᠠᠨ ᠡᠬᠡ ᠨᠢᠯᠬᠠᠰ ᠤᠨ ᠡᠷᠡᠭᠦᠯᠵᠢᠯ ᠪᠠ ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ ᠲᠥᠪ ᠤᠨ ᠡᠮ ᠡᠮᠨᠡᠯᠭᠡ ᠶᠢᠨ ᠬᠠᠮᠲᠤ ᠶᠢᠨ ᠴᠣᠭᠴᠠ ᠪᠣᠯᠣᠨ᠎ᠠ᠃ ᠬᠤᠷᠠᠯ ᠨᠢ ᠡᠮ ᠡᠮᠴᠢᠯᠡᠭᠡᠨ ᠤ ᠪᠦᠯᠦᠭᠯᠡᠯ ᠤᠨ ᠳᠣᠲᠣᠭᠠᠳᠤ ᠶᠢᠨ ᠬᠠᠮᠢᠶᠠᠷᠤᠯᠲᠠ ᠪᠠ ᠲᠤᠬᠠᠶᠢᠯᠠᠭᠰᠠᠨ ᠠᠵᠢᠯ ᠤᠨ ᠰᠣᠯᠢᠯᠴᠠᠭ᠎ᠠ ᠪᠠᠨ ᠴᠢᠩᠭᠠᠳᠬᠠᠵᠦ᠂ ᠡᠮ ᠡᠮᠨᠡᠯᠭᠡ ᠶᠢᠨ ᠡᠬᠢ ᠪᠠᠶᠠᠯᠢᠭ ᠢ ᠪᠦᠲᠦᠮᠵᠢᠲᠡᠶ ᠡᠮᠬᠢᠯᠡᠨ ᠨᠡᠶᠢᠯᠡᠭᠦᠯᠵᠦ᠂ ᠡᠮᠨᠡᠯᠭᠡ ᠶᠢᠨ ᠬᠠᠮᠲᠤ ᠶᠢᠨ ᠴᠣᠭᠴᠠ ᠶᠢᠨ ᠠᠵᠢᠯᠯᠠᠭᠠᠨ ᠤ ᠬᠠᠮᠢᠶᠠᠷᠤᠯᠲᠠ ᠶᠢᠨ ᠲᠣᠭᠲᠠᠴᠠ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠬᠤᠣᠰ ᠴᠢᠭᠯᠡᠯ ᠢᠶᠠᠷ ᠰᠢᠯᠵᠢᠭᠦᠯᠦᠨ ᠡᠮᠨᠡᠬᠦ ᠶᠢ ᠪᠦᠷᠢᠨᠰᠢᠭᠦᠯᠬᠦ᠂ ᠲᠦᠷᠭᠡᠨ ᠤᠳᠠᠭᠠᠨ ᠢ ᠰᠠᠯᠭᠠᠨ ᠵᠠᠰᠠᠬᠤ ᠶᠢ ᠲᠦᠯᠬᠢᠨ ᠠᠬᠢᠭᠤᠯᠬᠤ᠂ ᠳᠡᠭᠡᠳᠦ ᠳᠣᠣᠷᠠᠳᠤ ᠱᠠᠲᠤ ᠬᠠᠮᠲᠤᠷᠠᠨ ᠬᠥᠳᠡᠯᠦᠯᠴᠡᠬᠦ ᠶᠢ ᠠᠬᠢᠭᠤᠯᠬᠤ᠂ ᠡᠮᠨᠡᠯᠭᠡ ᠶᠢᠨ ᠬᠤᠷᠢᠶᠠᠨ ᠤ ᠴᠢᠳᠠᠮᠵᠢ ᠶᠢᠨ ᠣᠷᠣᠨ ᠪᠠᠶᠢᠷᠢ ᠶᠢ ᠨᠠᠶᠢᠳᠠᠪᠤᠷᠢᠵᠢᠭᠤᠯᠬᠤ᠂ ᠦᠨᠳᠦᠰᠦᠨ ᠱᠠᠲᠤᠨ ᠤ ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠳᠬᠠᠬᠤ᠂ ᠣᠷᠣᠨ ᠪᠦᠰᠡ ᠶᠢᠨ ᠡᠬᠢ ᠪᠠᠶᠠᠯᠢᠭ ᠢ ᠬᠠᠮᠲᠤ ᠪᠠᠷ ᠬᠦᠷᠲᠡᠬᠦ ᠶᠢ ᠲᠦᠯᠬᠢᠨ ᠠᠬᠢᠭᠤᠯᠬᠤ ᠶᠢ ᠭᠤᠣᠯᠳᠠᠯᠭ᠎ᠠ ᠲᠠᠢ ᠴᠢᠬᠤᠯᠠᠴᠢᠯᠠᠵᠠᠢ᠃      ᠬᠤᠷᠢᠨᠭᠡᠷ ᠰᠢᠶᠠᠨ ᠤ ᠠᠷᠠᠳ ᠤᠨ ᠡᠮᠨᠡᠯᠭᠡ ᠶᠢᠨ ᠬᠤᠷᠢᠶ᠎ᠠ ᠨᠢ ᠱᠧᠩ ᠯᠧ ᠪᠠᠯᠭᠠᠰᠤ ᠶᠢᠨ ᠡᠷᠡᠭᠦᠯ ᠬᠠᠮᠠᠭᠠᠯᠠᠯ  ᠤᠨ ᠬᠤᠷᠢᠶ᠎ᠠ ᠯᠤᠭ᠎ᠠ ᠡᠮ ᠡᠮᠨᠡᠯᠭᠡ ᠶᠢᠨ ᠬᠠᠮᠲᠤ ᠶᠢᠨ ᠴᠣᠭᠴᠠ ᠶᠢᠨ ᠭᠡᠷ᠎ᠡ ᠲᠣᠭᠲᠠᠭᠰᠠᠨ ᠶᠠᠪᠤᠳᠠᠯ ᠨᠢ᠂ ᠱᠧᠩ ᠯᠧ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠨᠢ ᠡᠭᠦᠨ ᠢᠶᠠᠷ ᠠᠵᠠ ᠲᠣᠬᠢᠶᠠᠯ ᠪᠣᠯᠭᠠᠵᠤ ᠨᠡᠩ ᠨᠢᠭᠲᠠ ᠬᠡᠯᠪᠡᠷᠢ ᠶᠢᠨ ᠡᠮᠨᠡᠯᠭᠡ ᠶᠢᠨ ᠬᠠᠮᠲᠤ ᠶᠢᠨ ᠴᠣᠭᠴᠠ ᠶᠢᠨ ᠵᠠᠭᠪᠤᠷ ᠢ ᠬᠠᠶᠢᠨ ᠰᠦᠪᠡᠭᠴᠢᠯᠡᠵᠦ᠂ ︽ᠨᠡᠷᠡᠲᠦ ᠡᠮᠴᠢ ᠶᠢᠨ ᠠᠵᠢᠯ ᠤᠨ ᠲᠠᠰᠤᠭ ︾ ᠲᠠᠢ ᠤᠶᠠᠯᠳᠤᠭᠤᠯᠤᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠯᠠᠪᠳᠠᠭᠤᠨ ᠪᠠᠲᠤᠲᠠᠶ ᠪᠥᠭᠡᠳ ᠪᠦᠲᠦᠮᠵᠢᠲᠡᠶ ᠨᠠᠶᠢᠳᠠᠪᠤᠷᠢᠵᠢᠭᠤᠯᠵᠤ᠂ ᠬᠡᠯᠪᠡᠷᠢ ᠶᠢᠨ ᠲᠡᠳᠦᠶ ᠠᠵᠢᠯ ᠪᠣᠯᠭᠠᠬᠤ ᠦᠭᠡᠢ ᠶᠤᠮ᠃ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠨᠢ ᠳ᠋ᠠ ᠬᠤᠩ ᠴᠧᠩ ᠡᠷᠡᠭᠦᠯ ᠬᠠᠮᠠᠭᠠᠯᠠᠯ ᠤᠨ ᠬᠤᠷᠢᠶ᠎ᠠ ᠯᠤᠭ᠎ᠠ ᠠᠮᠵᠢᠯᠲᠠ ᠲᠠᠢ ᠭᠡᠷ᠎ᠡ ᠲᠣᠭᠲᠠᠵᠠᠢ︔ ᠡᠬᠡ ᠨᠢᠯᠬᠠᠰ ᠤᠨ ᠡᠷᠡᠭᠦᠯ ᠮᠡᠨᠳᠥ ᠶᠢ ᠬᠠᠮᠠᠭᠠᠯᠠᠬᠤ ᠪᠠ ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ ᠲᠥᠪ ᠨᠢ ᠹᠠᠨ ᠵᠢᠶᠠ ᠶᠣᠣ ᠡᠷᠡᠭᠦᠯ ᠬᠠᠮᠠᠭᠠᠯᠠᠯ ᠤᠨ ᠬᠤᠷᠢᠶ᠎ᠠ ᠯᠤᠭ᠎ᠠ ᠠᠮᠵᠢᠯᠲᠠ ᠲᠠᠢ ᠭᠡᠷ᠎ᠡ ᠲᠣᠭᠲᠠᠵᠠᠢ᠃      ᠡᠮ ᠡᠮᠨᠡᠯᠭᠡ ᠶᠢᠨ ᠬᠠᠮᠲᠤ ᠶᠢᠨ ᠴᠣᠭᠴᠠ ᠫᠠᠶᠢᠰᠠ ᠡᠯᠭᠦᠨ ᠪᠠᠶᠢᠭᠤᠯᠤᠭᠳᠠᠭᠰᠠᠨ ᠤ ᠳᠠᠷᠠᠭ᠎ᠠ᠂ ︽ᠬᠠᠮᠲᠤᠷᠠᠨ ᠠᠵᠢᠯᠯᠠᠬᠤ᠂ ᠬᠠᠮᠲᠤ ᠪᠠᠷ ᠠᠰᠢᠭ ᠬᠦᠷᠲᠡᠬᠦ᠂ ᠰᠢᠨ᠎ᠡ ᠶᠢ ᠡᠭᠦᠳᠬᠦ᠂ ᠬᠥᠭᠵᠢᠭᠦᠯᠬᠦ︾ ᠵᠠᠷᠴᠢᠮ ᠢᠶᠠᠷ᠂ ᠬᠤᠣᠰ ᠴᠢᠭᠯᠡᠯ ᠢᠶᠠᠷ ᠰᠢᠯᠵᠢᠭᠦᠯᠦᠨ ᠡᠮᠨᠡᠬᠦ ᠰᠢᠯᠤᠭ᠋ᠳ ᠵᠠᠮ ᠢ ᠨᠡᠭᠡᠭᠡᠵᠦ᠂ ᠰᠢᠨᠵᠢᠯᠡᠭᠡᠨ ᠤ ᠰᠠᠯᠠᠭ᠎ᠠ ᠶᠢ ᠪᠠᠶᠢᠭᠤᠯᠬᠤ ᠂ ᠲᠤᠰᠬᠠᠶ ᠮᠡᠷᠭᠡᠵᠢᠯᠲᠡᠳ ᠬᠠᠮᠲᠤᠷᠠᠨ ᠡᠮᠨᠡᠬᠦ᠂ ᠶᠠᠳᠠᠭᠤ ᠬᠦᠴᠢᠷᠳᠡᠯᠲᠡᠶ ᠶᠢ ᠠᠪᠤᠷᠠᠨ ᠲᠤᠰᠠᠯᠠᠬᠤ ᠵᠡᠷᠭᠡ ᠲᠠᠪᠴᠠᠩ ᠢ ᠪᠠᠶᠢᠭᠤᠯᠵᠤ᠂ ᠡᠮ ᠡᠮᠨᠡᠯᠭᠡ ᠶᠢᠨ ᠬᠠᠮᠲᠤ ᠶᠢᠨ ᠴᠣᠭᠴᠠ ᠶᠢᠨ ᠳᠠᠪᠠᠭᠤᠯᠢᠭ ᠲᠠᠯ᠎ᠠ ᠪᠠᠨ ᠬᠠᠷᠢᠯᠴᠠᠨ ᠨᠥᠬᠦᠪᠥᠷᠢᠯᠡᠬᠦ᠂ ᠬᠠᠷᠢᠯᠴᠠᠨ ᠬᠠᠮᠵᠢᠯᠴᠠᠬᠤ᠂ ᠬᠠᠮᠲᠤ ᠪᠠᠷ ᠬᠥᠭᠵᠢᠬᠦ ᠶᠢ ᠦᠨᠡᠨ ᠬᠦ ᠪᠡᠶᠡᠯᠡᠭᠦᠯᠵᠦ᠂ ᠬᠤᠷᠢᠨᠭᠡᠷ ᠰᠢᠶᠠᠨ ᠤ ᠠᠷᠠᠳ ᠲᠦᠮᠡᠨ ᠳᠤ ᠬᠡᠷ ᠤᠨ ᠡᠭᠦᠳᠡᠨ ᠳᠡᠭᠡᠨ ᠴᠢᠨᠠᠷ ᠰᠠᠶᠢᠲᠠᠶ᠂ ᠲᠦᠬᠦᠮ ᠲᠦᠷᠭᠡᠨ᠂ ᠥᠨᠳᠥᠷ ᠦᠷ᠎ᠡ ᠪᠦᠲᠦᠮᠵᠢ ᠲᠠᠢ ᠡᠮ ᠡᠮᠨᠡᠯᠭᠡ ᠶᠢᠨ ᠦᠢᠯᠡᠴᠢᠯᠡᠭᠡ ᠶᠢ ᠬᠦᠷᠲᠡᠭᠦᠯᠬᠦ ᠪᠣᠯᠭᠠᠵᠤ᠂ ᠬᠥᠩᠭᠡᠨ ᠡᠪᠡᠳᠴᠢᠨ ᠢ ᠨᠡᠶᠢᠭᠡᠮ ᠲᠣᠭᠤᠷᠢᠭ ᠲᠤ ᠦᠵᠡᠬᠦ᠂ ᠡᠷᠡᠭᠦᠯᠵᠢᠯ ᠢ ᠦᠨᠳᠦᠰᠦᠨ ᠱᠠᠲᠤᠨ ᠳᠤ ᠰᠢᠢᠳᠪᠦᠷᠢᠯᠡᠬᠦ᠂ ᠶᠡᠭᠡ᠂ ᠬᠦᠴᠢᠷ ᠲᠦᠪᠡᠭᠲᠡᠶ ᠬᠦᠨᠳᠦ ᠡᠪᠡᠳᠴᠢᠨ ᠢ ᠶᠡᠭᠡ ᠡᠮᠨᠡᠯᠭᠡ ᠶᠢᠨ ᠬᠤᠷᠢᠶ᠎ᠠ ᠳᠤ ᠡᠮᠨᠡᠨ ᠵᠠᠰᠠᠬᠤ ᠵᠣᠷᠢᠯᠲᠠ ᠶᠢ ᠪᠡᠶᠡᠯᠡᠭᠦᠯᠵᠦ᠂ ᠤᠯᠠᠨ ᠲᠦᠮᠡᠨ ᠤ ᠡᠪᠡᠳᠴᠢᠨ ᠦᠵᠡᠭᠦᠯᠬᠦ ᠳᠤ ᠬᠦᠴᠢᠷᠲᠡᠶ ᠪᠠᠶᠢᠬᠤ᠂ ᠡᠪᠡᠳᠴᠢᠨ ᠦᠵᠡᠭᠦᠯᠬᠦ ᠳᠤ ᠦᠨᠡᠲᠡᠶ ᠪᠠᠶᠢᠬᠤ ᠠᠰᠠᠭᠤᠳᠠᠯ ᠢ ᠰᠢᠢᠳᠪᠦᠷᠢᠯᠡᠵᠦ᠂ ᠤᠯᠠᠨ ᠲᠦᠮᠡᠨ ᠤ ᠡᠷᠡᠭᠦᠯ ᠮᠡᠨᠳᠦ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号