ᠥᠨᠥᠬᠡᠨ᠂ ᠥᠪᠡᠷᠲᠡᠭᠡᠨ ᠵᠠᠰᠠᠬᠤ ᠣᠷᠣᠨ ᠤ ᠤᠢ ᠰᠢᠭᠤᠶ ᠶᠢᠨ ᠲᠢᠩᠬᠢᠮ ᠪᠡᠯᠠ ᠣᠷᠣᠭᠤᠯᠤᠯᠲᠠ ᠶᠢᠨ | ᠲᠥᠯᠥᠪᠯᠡᠭᠡ ᠪᠠᠭᠤᠯᠭᠠᠪᠠ᠂ ᠠᠯᠠᠱᠠ ᠪᠠᠷᠠᠭᠤᠨ ᠬᠤᠰᠢᠭᠤ ᠶᠢᠨ ᠲᠩᠷᠢ ᠡᠯᠡᠰᠦ᠂ ᠪᠠᠳᠠᠢ ᠶᠢᠨ ᠵᠢᠷᠠᠨ ᠡᠯᠡᠰᠦᠨ ᠴᠦᠯ | ᠤᠨ ᠠᠭᠤᠯᠵᠠᠷ ᠲᠠᠬᠢ ᠶᠡᠷᠦᠩᠬᠡᠶᠢᠯᠡᠭᠰᠡᠨ ᠡᠯᠡᠰᠦ ᠶᠢ ᠵᠠᠰᠠᠬᠤ ᠮᠡᠷᠭᠡᠵᠢᠯ ᠤᠨ ᠬᠤᠷᠠᠮᠠᠯ ᠲᠤᠷᠰᠢᠯᠲᠠ ᠶᠢᠨ ᠵᠢᠱᠢᠶ᠎ᠡ | ᠦᠵᠡᠭᠦᠯᠦᠨ ᠳᠡᠯᠭᠡᠷᠡᠭᠦᠯᠬᠦ ᠲᠦᠷᠦᠯ ᠵᠦᠢᠯ ᠨᠢ ᠲᠥᠪ ᠤᠨ ᠡᠳ᠋ ᠤᠨ ᠵᠠᠰᠠᠭ ᠤᠨ ᠪᠡᠯᠡ ᠮᠥᠩᠭᠦᠨ ᠤ ᠳᠡᠮᠵᠢᠯᠭᠡ ᠶᠢ | 100 ᠲᠦᠮᠡᠨ ᠲᠥᠭᠦᠷᠢᠭ ᠣᠯᠵᠠᠢ᠃ ᠲᠤᠰ ᠲᠦᠷᠦᠯ ᠵᠦᠢᠯ ᠢ ᠳᠡᠯᠭᠡᠷᠡᠭᠦᠯᠬᠦ ᠮᠡᠷᠭᠡᠵᠢᠯ ᠢ ᠠᠯᠠᠱᠠ ᠠᠶᠢᠮᠠᠭ ᠤᠨ | ᠤᠢ ᠰᠢᠭᠤᠶ ᠶᠢᠨ ᠡᠯᠡᠰᠦ ᠶᠢ ᠵᠠᠰᠠᠬᠤ ᠰᠤᠳᠤᠯᠬᠤ ᠭᠠᠵᠠᠷ ᠪᠡᠶᠡᠯᠡᠭᠦᠯᠵᠦ᠂ 2012 ᠣᠨ ᠤ 7 ᠳ᠋ᠤᠭᠠᠷ ᠰᠠᠷ᠎ᠠ ᠳᠤ | ᠰᠢᠯᠭᠠᠨ ᠲᠣᠭᠲᠠᠭᠠᠵᠤ ᠰᠢᠯᠭᠠᠨ ᠠᠪᠬᠤ ᠳᠤ ᠪᠠᠲᠤᠯᠠᠭᠳᠠᠵᠤ᠂ 2013 ᠣᠨ ᠳᠤ ᠠᠯᠠᠱᠠ ᠠᠶᠢᠮᠠᠭ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠳᠠᠪᠰᠢᠯᠲᠠ ᠶᠢᠨ ᠱᠠᠩᠨᠠᠯ ᠬᠦᠷᠲᠡᠵᠡᠢ᠃ ᠲᠦᠷᠦᠯ ᠵᠦᠢᠯ ᠢ ᠳᠡᠯᠭᠡᠷᠡᠭᠦᠯᠬᠦ ᠶᠢ ᠬᠡᠷᠡᠭᠵᠢᠭᠦᠯᠬᠦ | ᠨᠢᠭᠡᠴᠡ ᠪᠣᠯ ᠠᠯᠠᠱᠠ ᠪᠠᠷᠠᠭᠤᠨ ᠬᠤᠰᠢᠭᠤ ᠶᠢᠨ ᠶᠠᠪᠠᠷᠠᠢ ᠡᠯᠡᠰᠦ ᠵᠠᠰᠠᠬᠤ ᠦᠷᠲᠡᠭᠡ ᠪᠠ ᠪᠠᠳᠠᠶ ᠶᠢᠨ ᠵᠢᠷᠠᠨ ᠡᠯᠡᠰᠦ | ᠵᠠᠰᠠᠬᠤ ᠥᠷᠲᠡᠭᠡ ᠪᠣᠯᠣᠨ᠎ᠠ᠂ ᠲᠦᠷᠦᠯ ᠵᠦᠢᠯ ᠤᠨ ᠶᠡᠷᠦᠩᠬᠡᠶ ᠲᠠᠯᠠᠪᠠᠶ ᠨᠢ 600 ᠮᠦ ᠪᠠᠶᠢᠨ᠎ᠠ᠃ ᠲᠦᠷᠦᠯ | ᠵᠦᠢᠯ ᠨᠢ ᠭᠤᠣᠯᠳᠠᠭᠤ S218 ᠱᠤᠭᠤᠮ ᠤᠨ ᠡᠯᠡᠰᠦᠨ ᠤ ᠬᠤᠣᠷ ᠬᠥᠨᠥᠭᠡᠯ ᠢᠶᠠᠷ ᠬᠠᠮᠤᠭ ᠤᠨ ᠬᠦᠨᠳᠦ ᠨᠣᠴᠢᠲᠠᠶ | ᠪᠠᠶᠢᠬᠤ ᠵᠠᠮ ᠤᠨ ᠬᠡᠰᠡᠭ ᠲᠤ ᠪᠠᠶᠢᠵᠤ᠂ ᠡᠯᠡᠰᠦᠨ ᠳᠤ ᠬᠤᠷᠢᠭᠳᠠᠬᠤ ᠪᠠ ᠡᠯᠡᠰᠦᠨ ᠳᠤ ᠪᠤᠯᠠᠭᠳᠠᠬᠤ ᠦᠵᠡᠭᠳᠡᠯ | ᠬᠦᠨᠳᠦ ᠨᠣᠴᠢᠲᠠᠶ ᠪᠠᠶᠢᠳᠠᠭ᠂ ᠲᠦᠷᠦᠯ ᠵᠦᠢᠯ ᠤᠨ ᠬᠡᠷᠡᠭᠵᠢᠭᠦᠯᠦᠯᠲᠡ ᠨᠢ ᠲᠤᠰ ᠬᠡᠰᠡᠭ ᠵᠠᠮ ᠤᠨ ᠨᠡᠭᠦᠳᠡᠯ | ᠡᠯᠡᠰᠦᠨ ᠤ ᠬᠤᠣᠷ ᠬᠥᠨᠥᠭᠡᠯ ᠢ ᠪᠦᠲᠦᠮᠵᠢᠲᠡᠶ ᠬᠤᠷᠢᠭᠯᠠᠨ ᠵᠣᠭᠰᠣᠭᠠᠵᠤ᠂ S218 ᠱᠤᠭᠤᠮ ᠤᠨ ᠰᠠᠭᠠᠳ ᠦᠭᠡᠶ | ᠨᠡᠪᠲᠡᠷᠡᠬᠦ ᠶᠢ ᠪᠠᠲᠤᠯᠠᠵᠤ᠂ ᠲᠤᠬᠠᠶ ᠶᠢᠨ ᠭᠠᠵᠠᠷ ᠤᠨ ᠮᠠᠯᠴᠢᠨ ᠲᠠᠷᠢᠶᠠᠴᠢᠳ ᠤᠨ ᠶᠠᠪᠤᠵᠤ ᠰᠠᠭᠤᠬᠤ ᠳᠤ ᠲᠦᠭᠦᠮ | ᠦᠵᠡᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠪᠦᠲᠦᠭᠡᠭᠳᠡᠬᠦᠨ ᠤ ᠲᠡᠭᠡᠭᠡᠪᠦᠷᠢᠯᠡᠯᠲᠡ ᠶᠢᠨ ᠰᠠᠭᠠᠳ ᠤᠢᠭᠡᠢ | ᠨᠡᠪᠲᠡᠷᠡᠬᠦ ᠶᠢ ᠪᠠᠲᠤᠯᠠᠵᠠᠢ︔ ᠬᠤᠶᠢᠰᠢᠳᠠ ᠶᠢᠨ ᠨᠡᠭᠦᠳᠡᠯ ᠡᠯᠡᠰᠦ ᠵᠠᠰᠠᠬᠤ ᠳᠤ ᠪᠦᠲᠦᠮᠵᠢᠲᠡᠶ ᠵᠠᠰᠠᠯᠲᠠ ᠶᠢᠨ ᠬᠡᠪ | ᠵᠠᠭᠪᠤᠷ ᠢ ᠣᠯᠭᠤᠵᠤ᠂ ᠡᠯᠡᠰᠦ ᠶᠢ ᠲᠣᠭᠲᠠᠪᠤᠷᠢᠵᠢᠭᠤᠯᠬᠤ ᠲᠦᠷᠦᠯ ᠵᠦᠢᠯ ᠤᠨ ᠦᠷ᠎ᠡ ᠪᠦᠲᠦᠮᠵᠢ ᠶᠢ | ᠳᠡᠭᠡᠭᠰᠢᠯᠡᠭᠦᠯᠵᠠᠢ᠃ ᠥᠭᠡᠷ᠎ᠡ ᠨᠢᠭᠡ ᠲᠥᠰᠦᠭᠡᠯᠡᠨ ᠪᠣᠳᠣᠭᠰᠠᠨ ᠢ ᠦᠨᠳᠦᠰᠦᠯᠡᠪᠡᠯ᠂ ᠡᠯᠡᠰᠦ ᠶᠢ | ᠲᠣᠭᠲᠠᠪᠤᠷᠢᠵᠢᠭᠤᠯᠬᠤ ᠲᠥᠷᠥᠯ ᠵᠦᠢᠯ ᠨᠢ ᠲᠤᠬᠠᠶ ᠶᠢᠨ ᠭᠠᠵᠠᠷ ᠤᠨ ᠮᠠᠯᠴᠢᠨ ᠲᠠᠷᠢᠶᠠᠴᠢᠳ ᠲᠤ 300 ᠡᠳᠦᠷ ᠤᠨ | ᠤᠯᠠᠷᠢᠯ ᠤᠨ ᠴᠢᠨᠠᠷᠲᠠᠶ ᠠᠵᠢᠯ ᠤᠨ ᠲᠣᠬᠢᠶᠠᠯ ᠣᠯᠭᠤᠵᠤ᠂ ᠮᠠᠯᠴᠢᠨ ᠲᠠᠷᠢᠶᠠᠴᠢᠳ ᠤᠨ ᠲᠦᠷ ᠴᠠᠭ ᠤᠨ ᠠᠵᠢᠯ | ᠣᠯᠭᠤᠯᠲᠠ ᠶᠢ ᠰᠢᠢᠳᠪᠦᠷᠢᠯᠡᠵᠦ᠂ ᠣᠷᠣᠯᠭ᠎ᠠ ᠶᠢ ᠨᠢ ᠨᠡᠮᠡᠭᠳᠡᠭᠦᠯᠵᠠᠢ᠃ |