ᠥᠪᠥᠷ ᠮᠣᠩᠭᠤᠯ 2018 ᠣᠨ ᠤ ᠶᠡᠭᠡ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠤᠷᠠᠯᠢᠭ ᠤᠨ ᠲᠥᠷᠥᠯ ᠤᠨ ᠰᠢᠯᠭᠠᠯᠲᠠ ᠶᠢᠨ ᠲᠣᠬᠢᠷᠠᠭᠤᠯᠤᠯᠲᠠ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2017/12/15
     ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠰᠣᠷᠣᠭᠴᠢ ᠡᠯᠰᠡᠬᠦ ᠰᠢᠯᠭᠠᠯᠲᠠ ᠶᠢᠨ ᠺᠣᠮᠢᠰ ᠤᠨ ᠠᠯᠪᠠᠨ ᠭᠡᠷ ᠤᠷᠠᠯᠢᠭ ᠤᠨ ᠲᠥᠷᠥᠯ ᠤᠨ ᠲᠤᠰᠬᠠᠶ ᠮᠡᠷᠭᠡᠵᠢᠯ ᠤᠨ ᠰᠢᠯᠭᠠᠯᠲᠠ ᠶᠢᠨ ᠬᠡᠷᠡᠭᠵᠢᠭᠦᠯᠬᠦ ᠠᠷᠭ᠎ᠠ ᠶᠢ ᠳᠣᠷᠣᠭᠰᠢ ᠪᠠᠭᠤᠯᠭᠠᠵᠤ᠂ 2018 ᠣᠨ ᠤ ᠶᠡᠭᠡ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠤᠷᠠᠯᠢᠭ ᠤᠨ ᠲᠥᠷᠥᠯ ᠤᠨ ᠨᠢᠭᠡᠳᠦᠯᠲᠡᠶ ᠰᠢᠯᠭᠠᠯᠲᠠ᠂ ᠬᠠᠮᠲᠤᠷᠠᠭᠰᠠᠨ ᠰᠢᠯᠭᠠᠯᠲᠠ ᠪᠣᠯᠣᠨ ᠰᠤᠷᠭᠠᠭᠤᠯᠢ ᠶᠢᠨ ᠰᠢᠯᠭᠠᠯᠲᠠ ᠶᠢᠨ ᠨᠢᠭᠡᠳᠦᠯᠲᠡᠶ ᠲᠣᠬᠢᠷᠠᠭᠤᠯᠤᠨ ᠪᠠᠶᠢᠷᠢᠯᠠᠭᠤᠯᠵᠠᠢ᠃      ᠤᠷᠠᠨ ᠵᠢᠷᠤᠭ ᠤᠨ ᠲᠥᠷᠥᠯ ᠤᠨ ᠨᠢᠭᠡᠳᠦᠯᠲᠡᠶ ᠰᠢᠯᠭᠠᠯᠲᠠ ︵ᠵᠥᠪᠬᠡᠨ ᠪᠢᠷ ᠤᠨ ᠰᠢᠯᠭᠠᠯᠲᠠ︶᠄      ᠰᠢᠯᠭᠠᠬᠤ ᠬᠢᠴᠢᠶᠡᠯ ᠲᠥᠷᠥᠯ᠄ ᠥᠩᠭᠡ ᠪᠤᠳᠤᠭ᠂ ᠪᠣᠷᠣ ᠵᠢᠷᠤᠭ᠂ ᠲᠠᠲᠠᠯᠭᠠᠨ ᠵᠢᠷᠤᠭ      ᠰᠢᠯᠭᠠᠬᠤ ᠴᠠᠭ᠄ 2018 ᠣᠨ ᠤ 1 ᠳ᠋ᠦ᠋ᠭᠡᠷ ᠰᠠᠷ᠎ᠠ ᠶᠢᠨ 14᠎ ᠤ ᠡᠳᠦᠷ      ᠰᠢᠯᠭᠠᠬᠤ ᠭᠠᠵᠠᠷ᠄ ᠬᠥᠬᠡᠬᠤᠲᠠ᠂ ᠪᠤᠭᠤᠲᠤ ᠬᠤᠳᠠ᠂ ᠤᠯᠠᠭᠠᠨᠬᠠᠳᠠ ᠬᠤᠳᠠ᠂ ᠦᠬᠠᠶ ᠬᠤᠳᠠ ︵ᠦᠬᠠᠶ ᠬᠤᠲᠠ᠂ ᠠᠯᠠᠱᠠ ᠠᠶᠢᠮᠠᠭ ᠤᠨ ᠰᠢᠯᠭᠠᠭᠤᠯᠤᠭᠴᠢ︶᠂ ᠬᠥᠯᠥᠨ ᠪᠤᠶᠢᠷ ᠬᠤᠳᠠ᠂ ᠲᠦᠩᠯᠢᠶᠣᠤ ᠬᠤᠳᠠ᠂ ᠬᠢᠩᠭᠠᠨ ᠠᠶᠢᠮᠠᠭ᠂ ᠰᠢᠯᠢ ᠶᠢᠨ ᠭᠤᠣᠯ ᠠᠶᠢᠮᠠᠭ᠂ ᠤᠯᠠᠭᠠᠨᠴᠠᠪ ᠬᠤᠳᠠ᠂ ᠤᠷᠳᠤᠰ ᠬᠤᠳᠠ᠂ ᠪᠠᠶᠠᠨᠨᠠᠭᠤᠷ ᠬᠤᠳᠠ      ᠳᠠᠭᠤᠤ ᠬᠥᠭᠵᠢᠮ ᠤᠨ ᠲᠥᠷᠥᠯ ᠤᠨ ᠨᠢᠭᠡᠳᠦᠯᠲᠡᠶ ᠰᠢᠯᠭᠠᠯᠲᠠ᠄      ᠳᠠᠭᠤᠤ ᠬᠥᠭᠵᠢᠮ ᠤᠨ ᠲᠥᠷᠥᠯ ᠤᠨ ᠲᠤᠰᠬᠠᠶ ᠮᠡᠷᠭᠡᠵᠢᠯ ᠤᠨ ᠨᠢᠭᠡᠳᠦᠯᠲᠡᠶ ᠰᠢᠯᠭᠠᠯᠲᠠ ᠶᠢ ᠪᠢᠷ ᠤᠨ ᠰᠢᠯᠭᠠᠯᠲᠠ ᠪᠣᠯᠣᠨ ᠨᠢᠭᠤᠷᠲᠠᠨ ᠰᠢᠯᠭᠠᠬᠤ ᠰᠢᠯᠭᠠᠯᠲᠠ ᠭᠡᠵᠦ ᠬᠤᠶᠠᠷ ᠬᠡᠰᠡᠭ ᠬᠤᠪᠢᠶᠠᠨ᠎ᠠ᠃      ᠪᠢᠷ ᠤᠨ ᠰᠢᠯᠭᠠᠯᠲᠠ ᠶᠢᠨ ᠴᠠᠭ᠄ 2018 ᠣᠨ ᠤ 1 ᠳ᠋ᠦ᠋ᠭᠡᠷ ᠰᠠᠷ᠎ᠠ ᠶᠢᠨ 14᠎ ᠤ ᠡᠳᠦᠷ ᠤᠨ 9᠄ 00 — 11᠄ 00᠃  ᠡᠭᠦᠨ ᠳᠤ᠄ ᠦᠨᠳᠦᠰᠦᠨ ᠬᠥᠭᠵᠢᠮ ᠤᠨ ᠵᠦᠢ ᠶᠢᠨ ᠰᠢᠯᠭᠠᠯᠲᠠ ᠶᠢᠨ ᠬᠡᠯᠪᠡᠷᠢ ᠨᠢ ᠢᠯᠠ ᠪᠤᠰᠤ᠂ ᠪᠢᠷ ᠤᠨ ᠰᠢᠯᠭᠠᠯᠲᠠ ᠬᠢᠨ᠎ᠡ︔ ᠰᠣᠨᠣᠷ ᠤᠨ ᠰᠢᠯᠭᠠᠯᠲᠠ ᠨᠢ  ᠳᠠᠭᠤ ᠨᠡᠪᠲᠡᠷᠡᠭᠦᠯᠬᠦ ᠲᠥᠬᠦᠭᠡᠷᠦᠮᠵᠢ ᠪᠠᠷ ᠳᠠᠮᠵᠢᠭᠤᠯᠤᠨ ᠰᠢᠯᠭᠠᠯᠲᠠ ᠶᠢᠨ ᠰᠡᠳᠦᠪ ᠎ ᠢ ᠨᠡᠪᠲᠡᠷᠡᠭᠦᠯᠵᠦ᠂ ᠢᠯᠠ ᠪᠤᠰᠤ᠂ ᠪᠢᠷ ᠤᠨ ᠰᠢᠯᠭᠠᠯᠲᠠ ᠶᠢᠨ ᠬᠡᠯᠪᠡᠷᠢ ᠪᠠᠷ ᠰᠢᠯᠭᠠᠨ᠎ᠠ᠃      ᠨᠢᠭᠤᠷᠲᠠᠨ ᠰᠢᠯᠭᠠᠬᠤ ᠴᠠᠭ ᠨᠢ᠄ 2018 ᠣᠨ ᠤ 1 ᠳ᠋ᠦ᠋ᠭᠡᠷ ᠰᠠᠷ᠎ᠠ ᠶᠢᠨ 11᠎ ᠤ ᠡᠳᠦᠷ - 21᠎ ᠤ ᠡᠳᠦᠷ       ᠰᠢᠯᠭᠠᠬᠤ ᠭᠠᠵᠠᠷ᠄ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ︵ᠬᠥᠬᠡᠬᠤᠲᠠ᠂ ᠪᠤᠭᠤᠲᠤ ᠬᠤᠳᠠ᠂ ᠤᠷᠳᠤᠰ ᠬᠤᠳᠠ᠂ ᠪᠠᠶᠠᠨᠨᠠᠭᠤᠷ ᠬᠤᠳᠠ᠂ ᠦᠬᠠᠶ ᠬᠤᠳᠠ᠂ ᠠᠯᠠᠱᠠ ᠠᠶᠢᠮᠠᠭ᠂ ᠤᠯᠠᠭᠠᠨᠴᠠᠪ ᠬᠤᠳᠠ᠂ ᠰᠢᠯᠢ ᠶᠢᠨ ᠭᠤᠤᠯ ᠠᠶᠢᠮᠠᠭ ᠤᠨ ᠰᠢᠯᠭᠠᠭᠤᠯᠤᠭᠴᠢ︶᠂ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ︵ᠲᠦᠩᠯᠢᠶᠣᠤ ᠬᠤᠲᠠ᠂ ᠤᠯᠠᠭᠠᠨᠬᠠᠳᠠ ᠬᠤᠳᠠ᠂ ᠬᠥᠯᠥᠨ ᠪᠣᠶᠢᠷ ᠬᠤᠳᠠ᠂  ᠬᠢᠩᠭᠠᠨ ᠠᠶᠢᠮᠠᠭ ᠤᠨ ᠰᠢᠯᠭᠠᠭᠤᠯᠤᠭᠴᠢ︶      ᠨᠠᠶᠢᠷᠠᠭᠤᠯᠤᠨ ᠤᠳᠤᠷᠢᠳᠤᠭᠠᠴᠢ ᠲᠥᠷᠥᠯ ᠤᠨ ᠨᠢᠭᠡᠳᠦᠯᠲᠡᠶ ᠰᠢᠯᠭᠠᠯᠲᠠ᠄      ᠨᠠᠶᠢᠷᠠᠭᠤᠯᠤᠨ ᠤᠳᠤᠷᠢᠳᠤᠭᠠᠴᠢ ᠲᠥᠷᠥᠯ ᠤᠨ ᠲᠤᠰᠬᠠᠶ ᠮᠡᠷᠭᠡᠵᠢᠯ ᠤᠨ ᠨᠢᠭᠡᠳᠦᠯᠲᠡᠶ ᠰᠢᠯᠭᠠᠯᠲᠠ ᠶᠢ ᠪᠢᠷ ᠤᠨ ᠰᠢᠯᠭᠠᠯᠲᠠ ᠪᠣᠯᠣᠨ ᠨᠢᠭᠤᠷᠲᠠᠨ ᠰᠢᠯᠭᠠᠬᠤ ᠰᠢᠯᠭᠠᠯᠲᠠ ᠭᠡᠵᠦ ᠬᠤᠶᠠᠷ ᠬᠡᠰᠡᠭ ᠬᠤᠪᠢᠶᠠᠨ᠎ᠠ᠃      ᠪᠢᠷ ᠤᠨ ᠰᠢᠯᠭᠠᠯᠲᠠ ᠶᠢᠨ ᠴᠠᠭ᠄ 2018 ᠣᠨ ᠤ 1 ᠳ᠋ᠦ᠋ᠭᠡᠷ ᠰᠠᠷ᠎ᠠ ᠶᠢᠨ 14᠎ ᠤ ᠡᠳᠦᠷ  ᠂  ᠺᠢᠨᠣ᠋ ᠲᠧᠯᠸᠢᠰ ᠤᠨ ᠪᠦᠲᠦᠭᠡᠯ ︵ᠪᠤᠶᠤ ᠪᠦᠲᠦᠭᠡᠯ ᠤᠨ ᠬᠡᠰᠡᠭ ᠪᠠᠳᠠᠭ︶᠎ ᠢ ᠦᠵᠡᠭᠦᠯᠦᠭᠰᠡᠨ ᠤ ᠲᠠᠷᠠᠭ᠎ᠠ ᠢᠯᠡ ᠪᠤᠰᠤ ᠰᠢᠯᠭᠠᠯᠲᠠ ᠶᠢᠨ ᠬᠡᠯᠪᠡᠷᠢ ᠪᠠᠷ ᠰᠢᠯᠭᠠᠨ᠎ᠠ᠃      ᠨᠢᠭᠤᠷᠲᠠᠨ ᠰᠢᠯᠭᠠᠬᠤ ᠴᠠᠭ ᠨᠢ᠄ 2018 ᠣᠨ ᠤ 1 ᠳ᠋ᠦ᠋ᠭᠡᠷ ᠰᠠᠷ᠎ᠠ ᠶᠢᠨ 11᠎ ᠤ ᠡᠳᠦᠷ - 20᠎ ᠤ ᠡᠳᠦᠷ      ᠰᠢᠯᠭᠠᠬᠤ ᠭᠠᠵᠠᠷ᠄ ᠥᠪᠥᠷ ᠮᠣᠩᠭᠤᠯ ᠤᠨ ᠶᠡᠭᠡ ᠰᠤᠷᠭᠠᠭᠤᠯᠢ      ᠪᠤᠰᠤᠳ ᠤᠷᠠᠯᠢᠭ ᠤᠨ ᠲᠥᠷᠥᠯ᠄      ᠬᠠᠮᠲᠤᠷᠠᠨ ᠰᠢᠯᠭᠠᠬᠤ ᠴᠠᠭ᠄ 2018 ᠣᠨ ᠤ 1 ᠳ᠋ᠦ᠋ᠭᠡᠷ ᠰᠠᠷ᠎ᠠ ᠶᠢᠨ 16᠎ ᠤ ᠡᠳᠦᠷ - 23᠎ ᠤ ᠡᠳᠦᠷ      ᠨᠡᠪᠲᠡᠷᠡᠭᠦᠯᠦᠭᠴᠢ ᠬᠢᠭᠡᠳ ᠬᠦᠲᠦᠯᠦᠭᠴᠢ ᠶᠢᠨ ᠤᠷᠠᠯᠢᠭ ︵ᠮᠣᠩᠭᠤᠯ ᠢᠶᠠᠷ ᠬᠢᠴᠢᠶᠡᠯᠯᠡᠬᠦ︶᠎ ᠤᠨ ᠬᠠᠮᠲᠤᠷᠠᠭᠰᠠᠨ ᠰᠢᠯᠭᠠᠯᠲᠠ ᠶᠢ ᠥᠪᠥᠷ ᠮᠣᠩᠭᠤᠯ ᠤᠨ ᠶᠡᠭᠡ ᠰᠤᠷᠭᠠᠭᠤᠯᠢ ᠵᠣᠬᠢᠶᠠᠨ ᠪᠠᠶᠢᠭᠤᠯᠤᠨ ᠰᠢᠯᠭᠠᠨ᠎ᠠ᠂  ᠰᠢᠯᠭᠠᠬᠤ ᠭᠠᠵᠠᠷ᠄ ᠥᠪᠥᠷ ᠮᠣᠩᠭᠤᠯ ᠤᠨ ᠶᠡᠭᠡ ᠰᠤᠷᠭᠠᠭᠤᠯᠢ︔      ᠠᠶ᠎ᠠ ᠵᠣᠬᠢᠶᠠᠬᠤ ᠪᠠ ᠠᠶ᠎ᠠ ᠵᠣᠬᠢᠶᠠᠬᠤ ᠮᠡᠷᠭᠡᠵᠢᠯ ᠤᠨ ᠤᠨᠤᠯ᠂ ᠪᠥᠵᠢᠭ ᠤᠨ ᠲᠣᠭᠯᠠᠯᠲᠠ᠂ ᠪᠥᠵᠢᠭ ᠤᠨ ᠲᠣᠭᠯᠠᠯᠲᠠ ︵ᠤᠯᠤᠰ ᠤᠨ ᠪᠠᠷᠢᠮᠵᠢᠶ᠎ᠠ ᠪᠥᠵᠢᠭ︶᠂ ᠪᠥᠵᠢᠭ ᠤᠨ ᠤᠬᠠᠭᠠᠨ ᠬᠢᠭᠡᠳ ᠪᠥᠵᠢᠭ ᠨᠠᠶᠢᠷᠠᠭᠤᠯᠤᠨ ᠤᠳᠤᠷᠢᠳᠤᠭᠠᠴᠢ᠂ ᠲᠣᠭᠯᠠᠯᠲᠠ ︵ᠰᠢ ᠵᠦᠴᠦᠭᠡ ᠺᠢᠨᠣ᠋ ᠲᠧᠯᠸᠢᠰ ᠤᠨ ᠲᠣᠭᠯᠠᠯᠲᠠ︶᠂ ᠲᠣᠭᠯᠠᠯᠲᠠ ︵ᠬᠤᠶᠠᠷ ᠬᠥᠮᠦᠨ ᠤ ᠵᠢᠷᠭᠢᠶ᠎ᠡ ᠲᠣᠭᠯᠠᠯᠲᠠ︶᠂ ᠲᠣᠭᠯᠠᠯᠲᠠ ︵ᠬᠤᠪᠴᠠᠰᠤ ᠬᠤᠨᠠᠷ ᠵᠢᠷᠤᠵᠤ ᠲᠥᠯᠥᠪᠯᠡᠬᠦ ᠪᠠ ᠲᠣᠭᠯᠠᠯᠲᠠ︶᠂ ᠨᠡᠪᠲᠡᠷᠡᠭᠦᠯᠦᠭᠴᠢ  ᠬᠢᠭᠡᠳ ᠬᠦᠲᠦᠯᠦᠭᠴᠢ ᠶᠢᠨ ᠤᠷᠠᠯᠢᠭ ᠤᠨ ᠰᠢᠯᠭᠠᠯᠲᠠ ᠶᠢ ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠵᠣᠬᠢᠶᠠᠨ ᠪᠠᠶᠢᠭᠤᠯᠤᠨ ᠰᠢᠯᠭᠠᠨ᠎ᠠ᠂  ᠰᠢᠯᠭᠠᠬᠤ ᠭᠠᠵᠠᠷ᠄ ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号