内蒙古自治区政府门户网站
 
ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2017 ᠣᠨ ᠤ 19 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2017-12-18
      12 ᠳ᠋ᠤᠭᠠᠷ ᠰᠠᠷ᠎ᠠ ᠶᠢᠨ 14᠎ ᠤ ᠡᠳᠤᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠥ᠂ 2016 ᠣᠨ ᠤ ᠦᠪᠡᠷᠳᠡᠭᠡᠨ ᠵᠠᠰᠠᠬᠤ ᠤᠷᠤᠨ ᠤ ᠲᠤᠰ ᠱᠠᠳᠣᠨ ᠤ ᠲᠦᠰᠦᠪ ᠤᠨ ᠭᠦᠢᠴᠡᠳᠭᠡᠯ ᠪᠣᠯᠣᠨ ᠪᠤᠰᠤᠳ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢ ᠬᠢᠨᠠᠨ ᠪᠤᠳᠤᠵᠤ ᠪᠠᠶᠢᠴᠠᠭᠠᠨ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠳᠡ ᠶᠢ ᠰᠤᠨᠤᠰᠴᠤ᠂ ᠠᠶᠤᠯ ᠦᠭᠡᠢ ᠦᠢᠯᠡᠳᠪᠦᠷᠢᠯᠠᠯ᠂ ᠤᠯᠠᠨ ᠨᠡᠶᠢᠳᠡ ᠶᠢᠨ ᠠᠮᠤᠷ ᠲᠦᠪᠰᠢᠨ ᠪᠣᠯᠣᠨ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠳᠠᠯ᠎ᠠ ᠶᠢᠨ ᠠᠵᠢᠯ ᠢ ᠰᠤᠳᠤᠯᠤᠨ ᠪᠠᠶᠢᠷᠢᠯᠠᠭᠤᠯᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠱᠠᠳᠤᠨ ᠤ ᠬᠢᠨᠠᠨ ᠪᠤᠳᠤᠬᠤ ᠰᠠᠯᠠᠭ᠎ᠠ ᠮᠦᠴᠢᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠤᠯᠭᠠᠵᠣ᠂ ︽ᠲᠦᠷᠪᠡᠨ ᠤᠬᠠᠮᠰᠠᠷ︾᠎ ᠢ ᠪᠠᠳᠤ ᠪᠠᠬᠢ ᠪᠣᠢ ᠪᠤᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠴᠢᠬᠤᠯᠠ ᠶᠡᠭᠡ ᠰᠢᠢᠳᠪᠦᠷᠢᠳᠣ ᠪᠣᠳᠣᠯᠭ᠎ᠠ ᠪᠠᠶᠢᠷᠢ᠊ ‍ᠯᠠᠭᠤᠯᠤᠯᠳᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠭᠤᠷᠢᠨ ᠳᠤ ᠬᠢᠨᠠᠨ ᠪᠤᠳᠤᠬᠤ ᠠᠵᠢᠯ  ᠢᠶᠠᠨ ᠦᠷᠨᠢᠭᠦᠯᠵᠤ᠂ ᠴᠢᠬᠤᠯᠠ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ᠂ ᠲᠦᠰᠦᠪ ᠢ ᠭᠦᠢᠴᠡᠳᠭᠡᠬᠦ᠂ ᠤᠳᠤᠷᠢᠳᠬᠤ ᠺᠠᠳ᠋ᠷ ᠠᠵᠤ ᠠᠬᠤᠢ ᠶᠢᠨ ᠬᠠᠷᠢᠭᠤᠴᠠᠯᠭ᠎ᠠ ᠪᠠ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠭᠡ ᠶᠢᠨ ᠬᠠᠷᠢᠭᠤᠴᠠᠯᠭ᠎ᠠ ᠶᠢ ᠭᠦᠢᠴᠡᠳᠭᠡᠬᠦ ᠵᠢᠴᠢ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠬᠢᠨᠠᠨ ᠪᠤᠳᠤᠯᠳᠠ ᠶᠢ ᠰᠠᠶᠢᠳᠤᠷ ᠠᠳᠬᠤᠬᠤ ᠬᠡᠷᠡᠭᠳᠡᠢ᠂ ᠤᠨᠴᠠᠭᠠᠶᠢᠯᠠᠨ ᠬᠦᠨᠳᠦ ᠶᠡᠭᠡ ᠲᠦᠭᠰᠢᠭᠦᠷᠢ ᠶᠢ ᠰᠠᠷᠭᠡᠶᠢᠯᠡᠬᠦ᠂ ᠲᠤᠶᠢᠯ ᠤᠨ ᠣᠨᠣᠪᠴᠢᠲᠠᠢ ᠪᠠᠷ ᠶᠠᠳᠠᠭᠤ ᠠᠴᠠ ᠠᠩᠬᠢᠵᠢᠷᠠᠭᠤᠯᠬᠤ᠂ ᠪᠤᠬᠢᠷᠳᠤᠯ ᠢ ᠰᠡᠷᠭᠡᠶᠢᠯᠡᠨ ᠵᠠᠰᠠᠬᠤ ᠭᠤᠷᠪᠠᠨ ᠪᠣᠭᠤᠮᠳᠠ ᠰᠢᠪᠳᠣᠯᠬᠤ ᠳᠠᠶᠢᠯᠠᠯᠳᠣᠭᠠᠨ ᠳᠤᠮᠳᠠ ᠪᠠᠳᠠᠷᠠᠭᠤᠯᠪᠠᠰᠣ ᠵᠤᠬᠢᠬᠤ ᠦᠢᠯᠡᠳᠤᠯ ᠢᠶᠠᠨ ᠪᠠᠳᠠᠷᠠᠭᠤᠯᠬᠤ ᠬᠡᠷᠡᠭᠳᠠᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠳᠤ ᠡᠯ᠎ᠡ ᠰᠠᠯᠠᠭ᠎ᠠ ᠮᠦᠴᠢᠷ ᠬᠢᠨᠠᠨ ᠪᠤᠳᠤᠬᠤ ᠶᠢ ᠤᠬᠠᠮᠰᠠᠷ ᠠᠴᠠ ᠪᠠᠨ ᠬᠦᠯᠢᠶᠠᠵᠦ᠂ ᠬᠢᠨᠠᠨ ᠪᠤᠳᠤᠬᠤ ᠳᠤ ᠰᠠᠨᠠᠭᠠᠴᠢᠯᠠᠭ᠎ᠠ ᠠᠴᠠ ᠪᠠᠨ ᠬᠠᠮᠵᠢᠯᠴᠠᠵᠣ᠂ ᠬᠢᠨᠠᠨ ᠪᠤᠳᠤᠵᠣ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠦᠨᠡᠨᠬᠦ ᠰᠠᠶᠢᠳᠤᠷ ᠠᠳᠬᠤᠬᠤ ᠬᠡᠷᠡᠭᠳᠠᠢ᠃ ᠬᠢᠨᠠᠨ ᠪᠤᠳᠤᠬᠳᠠᠭᠰᠠᠨ ᠨᠢᠭᠡᠴᠡ ᠶᠢᠨ ᠭᠤᠤᠯ ᠬᠠᠷᠢᠭᠤᠴᠠᠯᠭᠠᠳᠠᠨ ᠪᠤᠯ ᠴᠡᠭᠴᠡᠯᠡᠨ ᠰᠠᠶᠢᠵᠢᠷᠠᠭᠤᠯᠬᠤ ᠨᠢᠭᠡᠳᠦᠭᠡᠷ ᠬᠠᠷᠢᠭᠤᠴᠠᠯᠭᠠᠳᠠᠨ ᠪᠣᠯᠣᠨ᠎ᠠ᠂ ᠬᠢᠨᠠᠨ ᠪᠤᠳᠤᠵᠣ ᠢᠯᠡᠷᠡᠭᠦᠯᠦᠭᠰᠡᠨ ᠠᠰᠠᠭᠤᠳᠠᠯ ᠢ ᠪᠡᠶ᠎ᠡ ᠪᠠᠷ ᠢᠶᠠᠨ ᠰᠤᠳᠤᠯᠤᠨ ᠴᠡᠭᠴᠡᠯᠡᠨ ᠰᠠᠶᠢᠵᠢᠷᠠᠭᠤᠯᠬᠤ ᠬᠡᠷᠡᠭᠳᠡᠢ᠃ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠳᠤᠷ ᠠᠳᠬᠤᠬᠤ ᠶᠢᠨ ᠬᠠᠮᠳᠣ᠂ ᠨᠢᠭᠡ ᠠᠴᠠ ᠵᠦᠢᠴᠢᠯᠡᠨ ᠨᠦᠬᠦᠭᠡ ᠶᠢ ᠮᠡᠳᠡᠵᠤ᠂ ᠬᠢᠨᠠᠨ ᠪᠤᠳᠤᠵᠣ ᠢᠯᠡᠷᠡᠭᠦᠯᠦᠭᠰᠡᠨ ᠨᠡᠶᠢᠳᠡᠯᠢᠭ ᠴᠢᠨᠠᠷ ᠲᠠᠢ᠂ ᠲᠦᠬᠡᠮᠡᠯ ᠴᠢᠨᠠᠷ ᠲᠠᠢ᠂ ᠬᠡᠯᠪᠡᠷᠢᠯ ᠤᠨ ᠴᠢᠨᠠᠷ ᠲᠠᠢ ᠠᠰᠠᠭᠤᠳᠠᠯ ᠤᠨ ᠰᠢᠯᠳᠠᠭᠠᠨ ᠢ ᠬᠦᠨᠵᠡᠭᠡᠢ ᠡᠷᠢᠵᠤ᠂ ᠴᠢᠭᠯᠡᠭᠦᠯᠦᠯᠳᠦ ᠴᠢᠨᠠᠷ ᠲᠠᠢ ᠪᠠᠷ ᠬᠠᠮᠢᠶ᠎ᠠ ᠪᠦᠬᠦᠢ ᠲᠦᠷᠢᠮ ᠢ ᠲᠤᠭᠳᠠᠭᠠᠨ ᠲᠡᠭᠦᠯᠳᠡᠷᠵᠢᠭᠦᠯᠬᠦ ᠬᠡᠷᠡᠭᠳᠠᠢ᠃ ᠬᠢᠨᠠᠨ ᠪᠤᠳᠤᠭᠰᠠᠨ ᠦᠷ᠎ᠡ ᠪᠦᠳᠦᠭᠡᠯ ᠢ ᠬᠡᠷᠡᠭᠯᠡᠬᠦ ᠶᠢ ᠴᠢᠩᠭᠠᠳᠬᠠᠨ᠂ ᠬᠢᠨᠠᠨ ᠪᠤᠳᠤᠭᠰᠠᠨ ᠦᠷ᠎ᠡ ᠳ᠋ᠦᠩ ᠢ ᠰᠢᠢᠳᠪᠦᠷᠢᠳᠣ ᠪᠣᠳᠣᠯᠭ᠎ᠠ ᠳᠣᠭᠳᠠᠭᠠᠬᠤ᠂ ᠰᠢᠯᠭᠠᠨ ᠪᠠᠶᠢᠴᠠᠭᠠᠵᠣ ᠱᠠᠩᠨᠠᠨ ᠲᠤᠷᠭᠠᠬᠤ ᠴᠢᠬᠤᠯᠠ ᠦᠨᠳᠦᠰᠦᠯᠡᠯ ᠪᠣᠯᠭᠠᠬᠤ ᠬᠡᠷᠡᠭᠳᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠳᠤ ᠡᠯ᠎ᠡ ᠰᠠᠯᠠᠭ᠎ᠠ ᠮᠦᠴᠢᠷ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠤᠯ ᠪᠤᠯᠭᠠᠬᠤ ᠶᠢ ᠪᠠᠷᠢᠮᠳᠠᠯᠠᠨ᠂ ᠠᠮᠤᠷ ᠲᠦᠪᠰᠢᠨ ᠢᠶᠠᠷ ᠬᠦᠭᠵᠢᠬᠦ ᠣᠨᠣᠯᠵᠢᠬᠤᠨ ᠢ ᠪᠠᠳᠤ ᠪᠠᠬᠢ ᠪᠣᠢ ᠪᠤᠯᠭᠠᠵᠤ᠂ ᠤᠯᠠᠨ ᠨᠡᠶᠢᠳᠡ ᠶᠢᠨ ᠠᠮᠤᠷ ᠲᠦᠪᠰᠢᠨ ᠪᠠ ᠨᠡᠶᠢᠬᠡᠮ ᠤᠨ ᠡᠶ᠎ᠡ ᠵᠣᠬᠢᠴᠠᠩᠭᠤᠢ ᠲᠤᠭᠳᠠᠭᠤᠨ ᠢ ᠬᠠᠮᠠᠭᠠᠯᠠᠬᠤ ᠶᠢ ᠴᠢᠬᠤᠯᠠ ᠪᠠᠶᠢᠷᠢᠨ ᠳᠤ ᠳᠠᠯᠪᠢᠵᠤ᠂ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ᠂ ᠠᠶᠤᠯ ᠦᠭᠡᠢ ᠦᠢᠯᠡᠳᠪᠦᠷᠢᠯᠡᠯ ᠢ ᠴᠢᠩᠭᠠᠳᠬᠠᠬᠤ᠂ ᠤᠯᠠᠨ ᠨᠡᠶᠢᠳᠡ ᠶᠢᠨ ᠠᠮᠤᠷ ᠲᠦᠪᠰᠢᠨ ᠢ ᠬᠠᠮᠠᠭᠠᠯᠠᠬᠤ᠂ ᠨᠡᠶᠢᠬᠡᠮ ᠤᠨ ᠳᠤᠭᠳᠠᠭᠤᠨ ᠢ ᠪᠠᠳᠣᠯᠠᠬᠤ ᠵᠡᠷᠭᠡ ᠬᠠᠮᠢᠶ᠎ᠠ ᠪᠦᠬᠦᠢ ᠠᠵᠢᠯ ᠢ ᠦᠨᠡᠨᠬᠦ ᠰᠠᠶᠢᠳᠣᠷ ᠬᠢᠬᠦ ᠬᠡᠷᠡᠭᠳᠠᠢ᠃ ᠵᠢᠯ ᠤᠨ ᠰᠡᠭᠦᠯᠴᠢ ᠪᠤᠯᠬᠤ ᠪᠠᠷ᠂ ᠠᠭᠤᠷᠬᠠᠢ᠂ ᠠᠶᠤᠯᠳᠠᠢ ᠬᠢᠮᠢ ᠶᠢᠨ ᠪᠣᠳᠠᠰ᠂ ᠳᠡᠮᠦᠷᠯᠢᠭ ᠪᠤᠯᠪᠠᠰᠤᠷᠠᠭᠤᠯᠬᠤ᠂ ᠪᠠᠷᠢᠯᠭ᠎ᠠ ᠶᠢᠨ ᠠᠵᠢᠯ᠂ ᠬᠤᠸᠠᠷ ᠫᠤᠤᠵᠠᠩ ᠵᠡᠷᠭᠡ ᠭᠤᠤᠯᠳᠠᠯᠭ᠎ᠠ ᠲᠠᠢ ᠠᠵᠢᠯ ᠲᠦᠷᠦᠯ ᠪᠠ ᠬᠦᠷᠢᠶ᠎ᠡ ᠬᠡᠪᠴᠢᠶᠡᠨ ᠤ ᠠᠶᠤᠯ ᠦᠭᠡᠢ ᠦᠢᠯᠡᠳᠪᠦᠷᠢᠯᠡᠯ ᠢ ᠲᠤᠰᠬᠠᠢ ᠲᠦᠷᠦᠯ ᠢᠶᠠᠷ ᠴᠡᠭᠴᠡᠯᠡᠨ ᠵᠠᠰᠠᠬᠤ ᠶᠢ ᠣᠨᠴᠠᠭᠠᠶᠢᠯᠠᠨ ᠴᠢᠩᠭᠠᠷᠠᠭᠤᠯᠵᠣ᠂ ᠭᠠᠯ ᠰᠡᠷᠭᠡᠶᠢᠯᠡᠵᠦ ᠭᠠᠯ ᠤᠨᠳᠠᠷᠠᠭᠠᠬᠤ᠂ ᠵᠠᠮ ᠬᠠᠷᠢᠯᠴᠠᠭ᠎ᠠ᠂ ᠰᠦᠯᠵᠢᠶ᠎ᠡ ᠶᠢᠨ ᠠᠮᠤᠷ ᠲᠦᠪᠰᠢᠨ ᠵᠡᠷᠭᠡ ᠳᠠᠯ᠎ᠠ ᠶᠢᠨ ᠲᠦᠭᠰᠢᠭᠦᠷᠢ ᠶᠢᠨ ᠴᠢᠬ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠠᠯᠠᠭ᠎ᠠ ᠮᠦᠴᠢᠷ ᠤᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠵᠤ᠂ ᠬᠦᠨᠳᠦ ᠣᠨᠴᠠ ᠶᠡᠭᠡ ᠠᠮᠣᠷ ᠲᠦᠪᠰᠢᠨ ᠤ ᠠᠳᠡᠯ ᠢ ᠡᠷᠡᠰ ᠬᠤᠷᠢᠬᠯᠠᠬᠤ ᠬᠡᠷᠡᠭᠳᠠᠢ᠃ ᠢᠳᠡᠭᠡᠨ ᠡᠮ ᠤᠨ ᠵᠦᠢᠯᠡᠰ ᠤᠨ ᠠᠮᠤᠷ ᠲᠦᠪᠰᠢᠨ ᠢ ᠬᠢᠨᠠᠨ ᠬᠠᠮᠢᠶᠠᠷᠬᠤ᠂ ᠨᠡᠶᠢᠬᠡᠮ ᠤᠨ ᠭᠠᠮᠰᠢᠭ ᠠᠴᠠ ᠠᠪᠤᠷᠠᠬᠤ ᠭᠠᠮᠰᠢᠭᠳᠠᠭᠰᠠᠳ ᠢ ᠲᠤᠰᠠᠯᠠᠨ ᠳᠡᠮᠵᠢᠬᠦ᠂ ᠵᠦᠷᠢᠴᠡᠯ ᠢ ᠪᠠᠶᠢᠴᠠᠭᠠᠨ ᠨᠠᠮᠳᠠᠭᠤᠯᠬᠤ ᠵᠡᠷᠭᠡ ᠳᠠᠯ᠎ᠠ ᠶᠢᠨ ᠠᠵᠢᠯ ᠢ ᠰᠠᠶᠢᠳᠤᠷ ᠬᠢᠵᠤ᠂ ᠬᠦᠯᠦᠰᠦᠨ ᠳᠠᠷᠢᠶᠠᠴᠢᠨ ᠤ ᠴᠠᠯᠢᠩ ᠬᠦᠯᠦᠰᠦ ᠶᠢ ᠦᠷᠢᠳᠦᠬᠦ ᠠᠰᠠᠭᠤᠳᠠᠯ ᠢ ᠰᠠᠶᠢᠳᠤᠷ ᠰᠢᠢᠳᠪᠦᠷᠢᠯᠡᠵᠤ᠂ ᠨᠡᠶᠢᠬᠡᠮ ᠤᠨ ᠡᠶ᠎ᠡ ᠵᠤᠬᠢᠴᠠᠩᠭᠤᠢ ᠳᠣᠭᠳᠠᠭᠤᠨ ᠢ ᠬᠠᠮᠠᠭᠠᠯᠠᠬᠤ ᠬᠡᠷᠡᠭᠳᠡᠢ ᠭᠡᠵᠡᠢ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号