ᠦᠪᠦᠷ ᠮᠤᠩᠭᠤᠯ ᠯᠢᠶᠤᠤᠨᠢᠩ ᠬᠠᠮᠳᠤᠷᠠᠨ ᠴᠢᠳᠠᠪᠤᠷᠢᠳᠠᠨ ᠡᠯᠰᠡᠬᠦ ᠲᠠᠪᠴᠠᠩ ᠢ ᠪᠠᠶᠢᠭᠤᠯᠬᠤ ᠪᠠᠷ ᠪᠤᠢ
ᠨᠡᠶᠢᠲᠡᠯᠡᠭᠰᠡᠨ ᠴᠠᠭ᠄
2017/12/18
      ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠬᠡᠮ ᠤᠨ ᠪᠠᠳᠤᠯᠠᠭ᠎ᠠ ᠶᠢᠨ ᠲᠢᠩᠬᠢᠮ ᠠᠴᠠ ᠤᠶᠢᠯᠠᠭᠠᠭᠰᠠᠨ ᠢᠶᠠᠷ᠂ ᠦᠪᠦᠷ ᠮᠤᠩᠭᠤᠯ ᠤᠨ ᠬᠦᠮᠦᠨ ᠤ ᠬᠦᠴᠦᠨ ᠡᠬᠢ ᠪᠠᠶᠠᠯᠢᠭ ᠪᠠ ᠨᠡᠶᠢᠬᠡᠮ ᠤᠨ ᠪᠠᠳᠤᠯᠠᠭ᠎ᠠ ᠶᠢᠨ ᠤᠯᠠᠨ ᠨᠡᠶᠢᠳᠡ ᠶᠢᠨ ᠦᠢᠯᠡᠴᠢᠯᠡᠬᠡᠨ ᠤ ᠲᠦᠪ᠂ ᠯᠢᠶᠤᠤᠨᠢᠩ ᠮᠤᠵᠢ ᠶᠢᠨ ᠠᠵᠢᠯ ᠤᠯᠭᠤᠬᠤ  ᠪᠠ ᠴᠢᠳᠠᠪᠤᠷᠢᠳᠠᠨ ᠳᠤ ᠦᠢᠯᠡᠴᠢᠯᠡᠬᠦ ᠲᠤᠪᠴᠢᠶ᠎ᠠ ᠨᠢ ᠴᠢᠳᠠᠪᠤᠷᠢᠳᠠᠨ ᠤ ᠲᠠᠯ᠎ᠠ ᠪᠠᠷ ᠬᠠᠮᠲᠤᠷᠠᠯᠴᠠᠬᠤ ᠵᠦᠪᠯᠡᠯᠴᠡᠭᠡᠷ ᠲᠤ ᠭᠠᠷ ᠤᠨ ᠦᠰᠦᠭ ᠵᠢᠷᠤᠵᠤ᠂ ᠬᠦᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠬᠡᠨ ᠤ ᠬᠠᠮᠲᠤᠷᠠᠯᠴᠠᠭ᠎ᠠ ᠶᠢ ᠦᠷᠨᠢᠬᠦᠯᠵᠤ᠂ ᠬᠠᠮᠳᠤ ᠪᠠᠷ ᠴᠢᠳᠠᠪᠤᠷᠢᠳᠠᠨ ᠡᠯᠰᠡᠬᠦ ᠲᠠᠪᠴᠠᠩ ᠢ ᠪᠠᠶᠢᠭᠤᠯᠬᠤ ᠪᠠᠷ ᠪᠤᠢ᠃      ᠤᠶᠢᠯᠠᠭᠠᠭᠰᠨᠨ ᠢᠶᠠᠷ᠂ ᠦᠪᠦᠷ ᠮᠤᠩᠭᠤᠯ᠂ ᠯᠢᠶᠤᠤᠨᠢᠩ ᠲᠡᠭᠡᠳᠤ ᠰᠤᠷᠭᠠᠭᠤᠯᠢ ᠶᠢᠨ ᠲᠡᠬᠦᠰᠦᠭᠰᠡᠨ ᠤᠶᠤᠳᠠᠳ ᠲᠤ ᠠᠵᠢᠯ ᠤᠯᠭᠤᠬᠤ ᠶᠢ ᠴᠢᠩᠭᠠᠳᠬᠠᠬᠤ᠂ ᠡᠶ᠎ᠡ ᠨᠠᠶᠢᠷᠠᠮᠳᠠᠭᠤ ᠬᠦᠳᠡᠯᠮᠦᠷᠢ ᠬᠦᠴᠦᠨ ᠤ ᠬᠠᠷᠢᠴᠠᠭ᠎ᠠ ᠪᠠᠶᠢᠭᠤᠯᠬᠤ ᠵᠡᠷᠬᠡ ᠲᠠᠯ᠎ᠠ ᠪᠠᠷ ᠮᠤᠵᠢ ᠠᠯᠤᠰᠯᠠᠨ ᠬᠠᠮᠲᠤᠷᠠᠯᠴᠠᠬᠤ ᠶᠢ ᠴᠢᠬᠤᠯᠠᠴᠢᠯᠠᠵᠤ᠂ ᠰᠤᠷᠭᠠᠭᠤᠯᠢ ᠶᠢᠨ ᠬᠦᠷᠢᠶᠡᠨ ᠳᠤ ᠠᠵᠢᠯᠳᠠᠨ ᠡᠯᠰᠡᠬᠦ ᠬᠤᠷᠠᠯ᠂ ᠴᠢᠳᠠᠪᠤᠷᠢᠳᠠᠨ ᠤ ᠶᠠᠷᠢᠯᠴᠠᠭᠠᠨ ᠤ ᠲᠠᠪᠴᠠᠩ᠂ ᠴᠢᠳᠠᠪᠤᠷᠢᠳᠠᠨ ᠲᠠᠨᠢᠯᠴᠠᠭᠤᠯᠬᠤ ᠬᠤᠷᠠᠯ ᠵᠡᠷᠬᠡ ᠲᠠᠯ᠎ᠠ ᠪᠠᠷ ᠬᠠᠷᠢᠯᠴᠠᠨ ᠨᠦᠬᠦᠴᠡᠯ ᠬᠠᠨᠭ᠍ᠭᠠᠵᠤ᠂ ᠬᠠᠮᠲᠤᠷᠠᠯᠴᠠᠭᠠᠨ ᠤ ᠬᠤᠶᠠᠷ ᠲᠠᠯ᠎ᠠ ᠶᠢᠨ ᠶᠡᠭᠡ ᠲᠡᠭᠡᠳᠤ ᠰᠤᠷᠭᠠᠭᠤᠯᠢ ᠲᠡᠬᠦᠰᠦᠭᠰᠡᠳ ᠲᠤ ᠲᠦᠷᠬᠡᠨ ᠠᠵᠢᠯ ᠤᠯᠭᠤᠬᠤ ᠶᠢ ᠬᠦᠳᠦᠯᠦᠨ ᠵᠢᠯᠤᠭᠤᠳᠤᠨ᠎ᠠ᠃ ᠤᠳᠤ ᠦᠶ᠎ᠡ ᠶᠢᠨ ᠢᠨᠲ᠋ᠧᠷ ᠰᠦᠯᠵᠢᠶ᠎ᠡ ᠪᠤᠯᠤᠨ ᠲᠤᠮᠤ ᠳ᠋ᠠᠶᠢᠲ᠋ᠠ ᠶᠢᠨ ᠮᠡᠷᠬᠡᠵᠢᠯ ᠢ ᠠᠰᠢᠭᠯᠠᠨ ᠮᠤᠵᠢ ᠠᠯᠤᠰᠯᠠᠭᠰᠠᠨ ᠶᠡᠭᠡ ᠲᠡᠭᠡᠳᠤ ᠰᠤᠷᠭᠠᠭᠤᠯᠢ ᠶᠢᠨ ᠬᠠᠮᠳᠤᠷᠠᠭᠰᠠᠨ ᠰᠦᠯᠵᠢᠶ᠎ᠡ ᠪᠠᠷ ᠡᠯᠰᠡᠬᠦ ᠬᠤᠷᠠᠯ ᠢ ᠵᠤᠬᠢᠶᠠᠨ ᠪᠠᠶᠢᠭᠤᠯᠵᠤ᠂ ᠴᠢᠳᠠᠪᠤᠷᠢᠳᠠᠨ ᠡᠯᠰᠡᠬᠦ ᠮᠡᠳᠡᠭᠡ ᠵᠠᠩᠬᠢ ᠶᠢ ᠬᠠᠮᠲᠤᠪᠡᠷ ᠠᠰᠢᠭᠯᠠᠨ ᠬᠠᠮᠲᠤᠪᠡᠷ ᠬᠦᠷᠲᠡᠬᠦ ᠶᠢ ᠠᠬᠢᠭᠤᠯᠤᠨ᠎ᠠ᠃      ᠬᠠᠮᠲᠤᠷᠠᠯᠴᠠᠭᠠᠨ ᠤ ᠬᠤᠶᠠᠷ ᠲᠠᠯ᠎ᠠ ᠪᠠᠷ ᠢᠶᠠᠨ ᠵᠡᠬᠦᠨ ᠬᠤᠶᠢᠳᠤ ᠤᠷᠤᠨ ᠤ ᠤᠶᠤᠨᠴᠢᠷ ᠰᠦᠯᠵᠢᠶ᠎ᠡ ᠪᠠᠶᠢᠭᠤᠯᠬᠤ ᠶᠢ ᠰᠦᠪᠡᠭᠴᠢᠯᠡᠵᠤ᠂ ᠭᠠᠳᠠᠭᠠᠳᠤ ᠶᠢᠨ ᠴᠢᠳᠠᠪᠤᠷᠢᠳᠠᠨ ᠤ ᠠᠵᠢᠯ ᠤᠨ ᠬᠤᠯᠪᠤᠭᠠᠨ ᠤ ᠦᠷᠳᠡᠭᠡ᠂ ᠭᠠᠳᠠᠭᠠᠳᠤ ᠳᠤ ᠰᠤᠷᠤᠯᠴᠠᠭᠰᠠᠨ ᠲᠡᠭᠡᠳᠤ ᠬᠢᠷᠢ ᠲᠦᠪᠰᠢᠨ ᠪᠦᠬᠦᠢ ᠴᠢᠳᠠᠪᠤᠷᠢᠳᠠᠨ ᠤ ᠮᠡᠳᠡᠭᠡ ᠵᠠᠩᠬᠢ ᠶᠢᠨ ᠬᠦᠮᠦᠷᠬᠡ ᠪᠤᠯᠤᠨ ᠵᠡᠬᠦᠨ ᠬᠤᠶᠢᠳᠤ ᠤᠷᠤᠨ ᠤ ᠲᠡᠭᠡᠳᠤ ᠬᠢᠷᠢ ᠲᠦᠪᠰᠢᠨ ᠪᠦᠬᠦᠢ ᠴᠢᠳᠠᠪᠤᠷᠢᠳᠠᠨ ᠤ ᠡᠩᠨᠡᠭᠡ ᠶᠢᠨ ᠮᠡᠳᠡᠭᠡ ᠵᠠᠩᠬᠢ ᠶᠢᠨ ᠬᠦᠮᠦᠷᠬᠡ ᠶᠢ ᠪᠠᠶᠢᠭᠤᠯᠬᠤ ᠶᠢᠨ ᠬᠠᠮᠳᠤ ᠴᠢᠳᠠᠪᠤᠷᠢᠳᠠᠨ ᠤ ᠰᠦᠯᠵᠢᠶᠡᠨ ᠳᠡᠭᠡᠷᠡᠬᠢ ᠦᠢᠯᠡᠴᠢᠯᠡᠬᠡᠨ ᠤ ᠲᠤᠮᠤ ᠲᠢᠩᠬᠢᠮ ᠢ ᠪᠠᠶᠢᠭᠤᠯᠵᠤ᠂ ᠵᠡᠬᠦᠨ ᠬᠤᠶᠢᠳᠤ ᠤᠷᠤᠨ ᠤ ᠴᠢᠳᠠᠪᠤᠷᠢᠳᠡᠨ ᠤ ᠵᠠᠬ᠎ᠠ ᠳᠡᠯᠭᠡᠭᠦᠷ ᠤᠨ ᠨᠢᠬᠡ ᠴᠤᠭᠴᠠᠴᠢᠯᠠᠯᠳᠠ ᠪᠤᠯᠤᠨ ᠰᠦᠯᠵᠢᠶᠡᠴᠢᠯᠡᠯᠲᠡ ᠶᠢ ᠠᠬᠢᠭᠤᠯᠤᠨ᠎ᠠ᠃      ᠤᠶᠢᠯᠠᠭᠠᠭᠰᠠᠨ ᠢᠶᠠᠷ᠂ ᠦᠪᠦᠷ ᠮᠤᠩᠭᠤᠯ᠂ ᠯᠢᠶᠤᠤᠨᠢᠩ ᠤᠷᠤᠨ ᠪᠦᠰᠡ ᠶᠢᠨ ᠬᠦᠮᠦᠨ ᠤ ᠬᠦᠴᠦᠨ ᠤ ᠡᠬᠢ ᠪᠠᠶᠠᠯᠢᠭ ᠪᠠ ᠴᠢᠳᠠᠪᠤᠷᠢᠳᠠᠨ ᠤ ᠬᠦᠭᠵᠢᠯᠳᠡ ᠶᠢᠨ ᠲᠦᠯᠦᠪᠵᠢᠬᠦᠯᠭᠡ᠂ ᠬᠦᠮᠦᠨ ᠤ ᠬᠦᠴᠦᠨ ᠤ ᠡᠬᠢ ᠪᠠᠶᠠᠯᠢᠭ ᠤᠨ ᠤᠷᠲᠤᠪᠲᠤᠷ ᠪᠠ ᠤᠷᠳᠤ ᠬᠤᠭᠤᠴᠠᠭᠠᠨ ᠤ ᠬᠦᠭᠵᠢᠯᠳᠡ ᠶᠢᠨ ᠲᠦᠯᠦᠪᠵᠢᠬᠦᠯᠭᠡ᠂ ᠴᠢᠳᠠᠪᠤᠷᠢᠳᠡᠨ ᠤ ᠲᠦᠷᠦ ᠶᠢᠨ ᠪᠤᠳᠤᠯᠭ᠎ᠠ ᠶᠢᠨ ᠰᠤᠳᠤᠯᠭ᠎ᠠ ᠵᠡᠷᠬᠡ ᠬᠠᠮᠲᠤᠷᠠᠯᠴᠠᠭ᠎ᠠ ᠶᠢ ᠦᠷᠨᠢᠬᠦᠯᠵᠤ᠂ ᠲᠤᠭᠳᠠᠭᠰᠠᠨ ᠬᠤᠭᠤᠴᠠᠭᠠᠨ ᠤ ᠰᠤᠯᠢᠯᠴᠠᠭᠠᠨ ᠤ ᠪᠠᠶᠢᠭᠤᠯᠤᠮᠵᠢ ᠶᠢ ᠪᠠᠶᠢᠭᠤᠯᠤᠨ᠂  ᠬᠠᠮᠲᠤᠷᠠᠯᠴᠠᠭᠠᠨ ᠤ ᠲᠦᠷᠦᠯ ᠵᠦᠢᠯ ᠤᠨ ᠠᠬᠢᠴᠠ ᠶᠢ ᠬᠠᠮᠲᠤᠪᠡᠷ ᠠᠬᠢᠭᠤᠯᠵᠦ᠂ ᠤᠷᠤᠨ ᠪᠦᠰᠡ ᠶᠢᠨ ᠴᠢᠳᠠᠪᠤᠷᠢᠳᠡᠨ ᠤ ᠬᠠᠮᠳᠤᠷᠠᠯᠴᠠᠭ᠎ᠠ᠂ ᠴᠢᠳᠠᠪᠤᠷᠢᠳᠠᠨ ᠤᠷᠢᠵᠤ ᠤᠶᠤᠨᠴᠢᠷ ᠵᠦᠢᠯ ᠢ ᠤᠷᠤᠭᠤᠯᠬᠤ ᠲᠦᠷᠦᠯ ᠳᠡᠮᠳᠡᠭ ᠢ ᠡᠭᠦᠳᠴᠦ᠂ ᠰᠢᠨ᠎ᠡ ᠬᠡᠯᠪᠡᠷᠢ ᠶᠢᠨ ᠴᠢᠳᠠᠪᠤᠷᠢᠳᠠᠨ ᠤ ᠲᠦᠪᠯᠡᠷᠡᠯ ᠢ ᠪᠦᠷᠢᠯᠳᠦᠬᠦᠯᠬᠦ ᠪᠠᠷ ᠴᠢᠷᠮᠠᠶᠢᠵᠤ ᠪᠤᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号