ᠥᠪᠥᠷ ᠮᠣᠩᠭᠤᠯ ᠰᠤᠳᠤᠯᠤᠨ ᠨᠡᠭᠡᠭᠡᠬᠦ ᠡᠷᠴᠢᠮ ᠢᠶᠠᠨ ᠴᠢᠩᠭᠠᠷᠠᠭᠤᠯᠤᠨ ᠮᠣᠩᠭᠤᠯ ᠡᠮ ᠡᠮᠨᠡᠯᠭᠡ ᠶᠢᠨ ᠠᠵᠤ ᠦᠢᠯᠡᠰᠵᠢᠯᠲᠡ ᠶᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2017/12/18
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠴᠢᠮᠬᠠᠨ ᠨᠡᠶᠢᠲᠡᠯᠡᠭᠰᠡᠨ ︽ᠡᠮ ᠡᠮᠨᠡᠯᠭᠡ ᠶᠢᠨ ᠠᠵᠤ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠬᠡᠷᠡᠭᠵᠢᠭᠦᠯᠬᠦ ᠲᠥᠰᠦᠯ︾ ᠳᠤ ᠳᠤᠷᠠᠳᠤᠭᠰᠠᠨ ᠢᠶᠠᠷ᠂ ᠪᠦᠬᠦ ᠣᠷᠣᠨ ᠤ ᠮᠣᠩᠭᠤᠯ ᠡᠮ ᠡᠮᠨᠡᠯᠭᠡ ᠶᠢᠨ ᠰᠤᠳᠤᠯᠤᠨ ᠨᠡᠭᠡᠭᠡᠬᠦ ᠡᠷᠴᠢᠮ ᠢ ᠴᠢᠩᠭᠠᠷᠠᠭᠤᠯᠵᠤ᠂ ᠤᠯᠤᠰ ᠤᠨ ᠳᠡᠰ᠂ ᠥᠪᠡᠷᠲᠡᠭᠡᠨ ᠵᠠᠰᠠᠬᠤ ᠣᠷᠣᠨ ᠤ ᠲᠡᠰ ᠤᠨ ᠰᠢᠨ᠎ᠡ ᠶᠢ ᠡᠭᠦᠳᠬᠦ ᠲᠠᠪᠴᠠᠩ ᠢ 3 ᠠᠴᠠ ᠳᠡᠭᠡᠭᠰᠢ ᠪᠠ 30 ᠴᠢᠷᠮᠠᠶᠢᠨ ᠪᠠᠶᠢᠭᠤᠯᠵᠤ᠂ ᠡᠵᠡᠩᠨᠡᠯᠲᠡ ᠶᠢᠨ ᠣᠷᠣᠯᠭ᠎ᠠ ᠨᠢ 10 ᠳ᠋ᠦᠩᠰᠢᠭᠤᠷ ᠲᠥᠭᠦᠷᠢᠭ ᠢ ᠳᠠᠪᠠᠭᠰᠠᠨ ᠪᠠ ᠡᠵᠡᠩᠨᠡᠯᠲᠡ ᠶᠢᠨ ᠣᠷᠣᠯᠭ᠎ᠠ ᠨᠢ ᠳ᠋ᠦᠩᠰᠢᠭᠤᠷ ᠲᠥᠭᠦᠷᠢᠭ ᠢ ᠳᠠᠪᠠᠭᠰᠠᠨ ᠡᠮ ᠡᠮᠨᠡᠯᠭᠡ ᠶᠢᠨ ᠠᠵᠤ ᠠᠬᠤᠶᠢᠯᠠᠯ ᠤᠨ ᠪᠦᠯᠦᠭᠯᠡᠯ ᠢ 5 ᠠᠴᠠ ᠳᠡᠭᠡᠭᠰᠢ ᠪᠠ 50 ᠠᠴᠠ ᠳᠡᠭᠡᠭᠰᠢ ᠪᠤᠶᠢᠵᠢᠭᠤᠯᠵᠤ᠂ᠪᠣᠷᠣᠯᠠᠭᠤᠯᠤᠯᠲᠠ ᠶᠢᠨ ᠣᠷᠣᠯᠭ᠎ᠠ ᠨᠢ ᠳ᠋ᠦᠩᠰᠢᠭᠤᠷ ᠲᠥᠭᠦᠷᠢᠭ ᠢ ᠳᠠᠪᠠᠭᠰᠠᠨ ᠡᠮ ᠡᠮᠨᠡᠯᠭᠡ ᠶᠢᠨ ᠶᠡᠭᠡ ᠲᠦᠷᠦᠯ ᠵᠦᠢᠯ ᠢ 20 ᠠᠴᠠ ᠳᠡᠭᠡᠭᠰᠢ ᠡᠭᠦᠳᠴᠦ᠂ 2020 ᠣᠨ ᠪᠣᠯᠬᠤ ᠳᠤ᠂ ᠪᠦᠬᠦ ᠣᠷᠣᠨ ᠤ ᠡᠮ ᠡᠮᠨᠡᠯᠭᠡ ᠶᠢᠨ ᠠᠵᠤ ᠦᠢᠯᠡᠰ ᠤᠨ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠶᠢ 900 ᠳ᠋ᠦᠩᠰᠢᠭᠤᠷ ᠲᠦᠬᠦᠷᠢᠭ ᠢ ᠳᠠᠪᠠᠵᠤ᠂ ᠵᠢᠯ ᠪᠦᠷᠢ ᠳᠤᠮᠳᠠᠴᠢ ᠪᠠᠷ 10% ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠬᠤ ᠬᠡᠷᠡᠭᠲᠡᠢ᠃       ᠥᠪᠥᠷ ᠮᠣᠩᠭᠤᠯ ᠶᠠᠭ ᠡᠮᠴᠢᠯᠡᠭᠡᠨ ᠳᠤ ᠬᠡᠷᠡᠭᠯᠡᠬᠦ ᠡᠮ ᠤᠨ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ ᠣᠷᠣᠭᠤᠯᠤᠯᠲᠠ ᠪᠠ ᠰᠤᠳᠤᠯᠤᠨ ᠨᠡᠭᠡᠭᠡᠬᠦ ᠡᠷᠴᠢᠮ ᠢᠶᠠᠨ ᠴᠢᠩᠭᠠᠳᠬᠠᠵᠤ᠂ ᠨᠢᠭᠡ ᠪᠦᠯᠦᠭ ᠰᠢᠨ᠎ᠡ ᠡᠮ ᠡᠭᠦᠳᠦᠨ ᠦᠢᠯᠡᠳᠬᠦ ᠪᠠ ᠰᠤᠳᠤᠯᠤᠨ ᠨᠡᠭᠡᠭᠡᠬᠦ ᠵᠠᠩᠭᠢᠯᠠᠭ᠎ᠠ ᠶᠢᠨ ᠭᠤᠣᠯᠯᠠᠭᠴᠢ ᠮᠡᠷᠭᠡᠵᠢᠯ ᠢ ᠴᠢᠷᠮᠠᠶᠢᠨ ᠰᠢᠪᠲᠤᠯᠵᠤ᠂ ᠥᠮᠡᠨ ᠡᠪᠡᠳᠴᠢᠨ᠂ ᠵᠢᠷᠦᠬᠡ ᠲᠠᠷᠢᠬᠢᠨ ᠤ ᠴᠢᠰᠤᠨ ᠰᠤᠳᠠᠯ ᠤᠨ ᠵᠡᠷᠭᠡ ᠬᠦᠨᠳᠦ ᠡᠪᠡᠳᠴᠢᠨ ᠤ ᠤᠨᠤᠭᠠᠬᠤ ᠡᠮ᠂ ᠴᠢᠰᠤᠨ ᠤ ᠤᠷᠤᠯᠠᠬᠤ ᠵᠦᠢᠯ ᠵᠡᠷᠭᠡ ᠰᠢᠨ᠎ᠡ ᠡᠮ ᠤᠨ ᠵᠦᠢᠯ ᠤᠨ ᠰᠤᠳᠤᠯᠤᠨ ᠨᠡᠭᠡᠭᠡᠵᠦ ᠦᠢᠯᠡᠳᠪᠦᠷᠢᠯᠡᠬᠦ ᠶᠢ ᠢᠳᠡᠪᠬᠢᠲᠡᠶ ᠠᠬᠢᠭᠤᠯᠵᠤ᠂ ᠵᠢᠷᠦᠬᠡᠨ ᠲᠠᠮᠢᠷ ᠮᠠᠭᠤᠳᠠᠬᠤ ᠶᠢ ᠬᠤᠷᠢᠭᠯᠠᠬᠤ ᠡᠮ᠂ ᠬᠠᠪᠤᠳᠠᠷ ᠳᠠᠷᠤᠬᠤ ᠡᠮ ᠪᠠ ᠵᠢᠷᠦᠬᠡᠨ ᠰᠤᠳᠠᠯ ᠤᠨ ᠲᠦᠭᠵᠢᠷᠡᠯ ᠢ ᠠᠷᠢᠯᠭᠠᠬᠤ ᠡᠮ ᠤᠨ ᠰᠤᠳᠤᠯᠤᠨ ᠨᠡᠭᠡᠭᠡᠬᠦ ᠵᠢᠴᠢ ᠠᠵᠤ ᠦᠢᠯᠡᠰᠵᠢᠭᠦᠯᠬᠦ ᠶᠢ ᠲᠦᠷᠭᠡᠳᠬᠡᠵᠦ᠂ ᠥᠪᠡᠷ ᠤᠨ ᠪᠡᠶ᠎ᠡ ᠶᠢᠨ ᠴᠠᠷᠤᠯᠲᠠ ᠶᠢᠨ ᠡᠪᠡᠳᠴᠢᠨ᠂ ᠤᠳᠤᠮᠯᠠᠯ ᠤᠨ ᠡᠪᠡᠳᠴᠢᠨ ᠪᠠ ᠬᠠᠯᠳᠠᠪᠤᠷᠢᠯᠠᠬᠤ ᠴᠢᠨᠠᠷᠲᠠᠶ ᠡᠪᠡᠳᠴᠢᠨ ᠵᠡᠷᠭᠡ ᠶᠢ ᠡᠮᠨᠡᠨ ᠵᠠᠰᠠᠬᠤ ᠭᠧᠨ ᠤ ᠲᠡᠬᠢᠠ ᠨᠡᠶᠢᠯᠡᠯᠳᠦᠭᠦᠯᠬᠦ ᠤᠭᠤᠷᠠᠭ ᠤᠨ ᠳᠦᠷᠦᠯ ᠤᠨ ᠡᠮ ᠵᠢᠴᠢ ᠡᠰᠡᠷᠭᠦᠴᠡᠭᠴᠢ ᠡᠮ ᠢ ᠰᠤᠳᠤᠯᠤᠨ ᠦᠢᠯᠡᠳᠬᠦ ᠶᠢ ᠴᠢᠩᠭᠠᠳᠬᠠᠵᠤ᠂ ᠡᠵᠡᠮᠳᠡᠬᠦ᠂ ᠤᠳᠠᠭᠠᠰᠢᠷᠠᠭᠤᠯᠬᠤ᠂ ᠤᠨᠤᠭᠠᠬᠤ᠂ ᠨᠡᠪᠲᠡᠯᠬᠦ᠂ ᠰᠠᠯᠢᠰᠤᠲᠤ ᠪᠦᠷᠬᠦᠪᠴᠢ ᠪᠠᠷ ᠰᠢᠩᠭᠡᠭᠡᠬᠦ ᠵᠡᠷᠭᠡ ᠡᠯ᠎ᠡ ᠲᠦᠷᠦᠯ ᠤᠨ ᠰᠢᠨ᠎ᠡ ᠬᠡᠯᠪᠡᠷᠢ ᠶᠢᠨ ᠡᠮ ᠨᠠᠶᠢᠷᠠᠯᠭ᠎ᠠ ᠶᠢ ᠨᠡᠭᠡᠭᠡᠨ᠎ᠡ᠃      ᠵᠢᠷᠦᠬᠡ ᠲᠠᠷᠢᠬᠢᠨ ᠤ ᠴᠢᠰᠤᠨ ᠰᠤᠳᠠᠯ᠂ ᠬᠤᠳᠣᠭᠤᠳᠣ ᠭᠡᠳᠡᠰᠦ᠂ ᠸᠢᠷᠦ᠋ᠰ ᠢ ᠡᠰᠡᠷᠭᠦᠴᠡᠬᠦ᠂ ᠡᠭᠡᠯᠢᠯᠡᠭᠡ ᠶᠢᠨ ᠰᠢᠰᠲ᠋ᠧᠮ᠂ ᠡᠮᠡᠭᠲᠡᠶᠢᠴᠦᠳ ᠪᠠ ᠬᠡᠦᠬᠡᠳ ᠤᠨ ᠡᠮ ᠬᠡᠷᠡᠭᠯᠡᠬᠦ ᠵᠢᠴᠢ ᠪᠤᠰᠤᠳ ᠤᠳᠠᠭᠠᠨ ᠴᠢᠨᠠᠷᠲᠠᠶ ᠡᠪᠡᠳᠴᠢᠨ᠂ ᠬᠦᠨᠳᠦ ᠬᠡᠴᠡᠭᠦᠦ ᠡᠯᠳᠡᠪ ᠡᠪᠡᠳᠴᠢᠨ ᠵᠡᠷᠭᠡ ᠶᠢ ᠮᠣᠩᠭᠤᠯ ᠬᠢᠲᠠᠳ ᠡᠮ ᠡᠮᠨᠡᠯᠭᠡ ᠪᠠᠷ ᠵᠠᠰᠠᠬᠤ ᠳᠠᠪᠠᠭᠤᠯᠢᠭ ᠬᠦᠷᠢᠶᠡᠨ ᠳᠤ᠂ ᠰᠣᠩᠭᠤᠳᠠᠭ ᠨᠡᠷᠡᠳᠦ ᠵᠤᠷ ᠢ ᠬᠤᠶᠠᠳᠠᠬᠢ ᠤᠳᠠᠭ᠎ᠠ ᠨᠡᠭᠡᠭᠡᠬᠦ ᠵᠢᠴᠢ ᠬᠡᠷᠡᠭᠯᠡᠬᠦ ᠶᠢ ᠲᠦᠯᠬᠢᠨ ᠠᠬᠢᠭᠤᠯᠵᠤ᠂ ᠨᠢᠭᠡ ᠪᠦᠯᠦᠭ ᠡᠮᠴᠢᠯᠡᠭᠡᠨ ᠨᠢ ᠪᠠᠲᠤᠲᠠᠶ᠂ ᠠᠮᠤᠷ ᠲᠦᠪᠰᠢᠨ ᠤ ᠴᠢᠨᠠᠷ ᠢᠶᠠᠷ ᠥᠨᠳᠥᠷ᠂ ᠠᠰᠢᠭᠲᠠᠢ ᠪᠦᠷᠢᠯᠳᠦᠬᠦᠨ ᠨᠢ ᠲᠣᠳᠣᠷᠬᠠᠶ᠂ ᠦᠢᠯᠡᠳᠦᠯ ᠤᠨ ᠵᠢᠮ᠎ᠡ ᠬᠠᠤᠯᠢ ᠨᠢ ᠢᠯᠡ ᠲᠤᠳᠤ ᠪᠠᠶᠢᠳᠠᠭ ᠮᠣᠩᠭᠤᠯ ᠬᠢᠲᠠᠳ ᠡᠮ ᠤᠨ ᠡᠮᠨᠡᠯᠭᠡ ᠳᠠᠬᠢ ᠨᠠᠶᠢᠷᠠᠯᠭ᠎ᠠ ᠵᠢᠴᠢ ᠰᠢᠨ᠎ᠡ ᠡᠭᠦᠳᠦᠯᠲᠡ ᠲᠠᠢ ᠡᠮ ᠤᠨ ᠦᠢᠯᠡᠳᠬᠦᠨ ᠢ ᠰᠤᠳᠤᠯᠤᠨ ᠦᠢᠯᠡᠳᠦᠨ᠎ᠡ᠃ ᠡᠭᠦᠨ ᠠᠴᠠ ᠭᠠᠳᠠᠨ᠎ᠠ᠂ ᠥᠪᠥᠷ ᠮᠣᠩᠭᠤᠯ ᠶᠠᠭ ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠶᠢ ᠤᠶᠠᠯᠳᠤᠭᠤᠯᠤᠭᠰᠠᠨ ᠡᠮ ᠡᠮᠨᠡᠯᠭᠡ ᠶᠢᠨ ᠬᠠᠮᠵᠢᠯᠴᠠᠨ ᠰᠢᠨ᠎ᠡ ᠶᠢ ᠡᠭᠦᠳᠬᠦ ᠰᠢᠰᠲ᠋ᠧᠮ ᠢ ᠪᠠᠶᠢᠭᠤᠯᠵᠤ᠂ ᠥᠪᠥᠷ ᠮᠣᠩᠭᠤᠯ ᠤᠨ ᠮᠣᠩᠭᠤᠯ ᠡᠮ ᠡᠮᠨᠡᠯᠭᠡ ᠶᠢᠨ ᠠᠵᠤ ᠦᠢᠯᠡᠰ ᠤᠨ ᠮᠡᠷᠭᠡᠵᠢᠯ ᠳᠤ ᠰᠢᠨ᠎ᠡ ᠶᠢ ᠡᠭᠦᠳᠬᠦ ᠪᠠᠶᠢᠯᠳᠤᠬᠤ ᠪᠣᠳᠣᠯᠭ᠎ᠠ ᠶᠢᠨ ᠬᠤᠯᠪᠤᠭᠠᠨ ᠤ ᠦᠢᠯᠡᠳᠦᠯ ᠢ ᠪᠠᠳᠠᠷᠠᠭᠤᠯᠵᠤ᠂ ᠥᠪᠥᠷ ᠮᠣᠩᠭᠤᠯ ᠤᠨ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠵᠡᠷᠭᠡ ᠪᠠᠶᠢᠭᠤᠯᠤᠮᠵᠢ ᠳᠤ ᠲᠦᠰᠢᠭᠯᠡᠨ ᠳᠡᠯᠡᠬᠡᠶ ᠶᠢᠨ ᠲᠡᠷᠢᠭᠦᠨ ᠤ ᠮᠣᠩᠭᠤᠯ ᠡᠮ ᠡᠮᠨᠡᠯᠭᠡ ᠶᠢᠨ ᠡᠮᠴᠢᠯᠡᠭᠡᠨ ᠤ ᠰᠤᠳᠤᠯᠭᠠᠨ ᠤ ᠰᠠᠭᠤᠷᠢᠨ ᠭᠠᠵᠠᠷ᠂ ᠰᠢᠨᠵᠢᠯᠡᠬᠦ ᠤᠬᠠᠭᠠᠨ ᠤ ᠰᠤᠳᠤᠯᠭᠠᠨ ᠤ ᠰᠠᠭᠤᠷᠢᠨ ᠭᠠᠵᠠᠷ᠂ ᠴᠢᠳᠠᠪᠤᠷᠢᠲᠠᠨ ᠢ ᠬᠥᠮᠦᠵᠢᠭᠦᠯᠬᠦ ᠰᠠᠭᠤᠷᠢᠨ ᠭᠠᠵᠠᠷ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠬᠤ ᠰᠠᠭᠤᠷᠢᠨ ᠭᠠᠵᠠᠷ ᠪᠠ ᠣᠯᠠᠨ ᠤᠯᠤᠰ ᠤᠨ ᠬᠠᠮᠲᠤᠷᠠᠨ ᠠᠵᠢᠯᠯᠠᠬᠤ ᠰᠠᠭᠤᠷᠢᠨ ᠭᠠᠵᠠᠷ ᠢ ᠪᠠᠶᠢᠭᠤᠯᠵᠤ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号