ᠤᠷᠳᠤᠰ ᠬᠤᠳᠠ ᠳᠤ ᠤᠯᠤᠰ ᠤᠨ ᠳᠡᠰ ᠤᠨ ᠣᠯᠠᠨ ᠢᠶᠠᠷ ᠢᠶᠠᠨ ᠡᠭᠦᠳᠦᠨ ᠴᠣᠭᠴᠠᠯᠠᠬᠤ ᠣᠷᠣᠨ ᠵᠠᠶ 2 ᠨᠡᠮᠡᠭᠳᠡᠪᠡ
ᠨᠡᠶᠢᠲᠡᠯᠡᠭᠰᠡᠨ ᠴᠠᠭ᠄
2017/12/19
     ᠲᠦᠷᠦᠭᠦᠬᠡᠨ᠂ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ︽2017 ᠣᠨ ᠤ ᠤᠯᠤᠰ ᠠᠴᠠ  ᠪᠦᠷᠢᠳᠬᠡᠨ ᠳᠠᠩᠰᠠᠯᠠᠭᠤᠯᠤᠭᠰᠠᠨ ᠤᠯᠠᠨ ᠢᠶᠠᠷ ᠢᠶᠠᠨ ᠡᠭᠦᠳᠦᠨ ᠴᠣᠭᠴᠠᠯᠠᠬᠤ ᠣᠷᠣᠨ ᠵᠠᠶ ᠶᠢᠨ ᠨᠡᠷᠡᠰ ᠢ ᠲᠣᠭᠲᠠᠭᠠᠬᠤ ᠲᠣᠬᠠᠢ ᠵᠠᠷᠯᠠᠯ︾᠎ ᠢ ᠨᠡᠶᠢᠲᠡᠯᠡᠵᠡᠢ᠂ ᠣᠷᠳᠣᠰ ᠬᠤᠲᠠ ᠶᠢᠨ ᠵᠣᠬᠢᠶᠠᠨ ᠪᠠᠶᠢᠭᠤᠯᠤᠨ ᠲᠠᠨᠢᠯᠴᠠᠭᠤᠯᠤᠭᠰᠠᠨ ︽ᠲᠩᠷᠢᠯᠢᠭ ᠬᠥᠪᠡᠭᠦᠨ ᠤᠯᠠᠨ ᠢᠶᠠᠷ ᠢᠶᠠᠨ ᠡᠭᠦᠳᠦᠨ ᠴᠣᠭᠴᠠᠯᠠᠬᠤ ᠬᠦᠷᠢᠶᠡᠯᠡᠩ︾ ︽︿几﹀ ᠦᠰᠦᠭᠲᠦ ᠪᠤᠯᠤᠩ ᠤᠨ ᠣᠯᠠᠨ ᠢᠶᠠᠷ ᠢᠶᠠᠨ ᠡᠭᠦᠳᠦᠨ ᠴᠣᠭᠴᠠᠯᠠᠬᠤ ᠣᠷᠣᠨ ᠵᠠᠶ︾ ᠭᠡᠬᠦ 2 ᠣᠯᠠᠨ ᠢᠶᠠᠷ ᠢᠶᠠᠨ ᠡᠭᠦᠳᠦᠨ ᠴᠣᠭᠴᠠᠯᠠᠬᠤ ᠣᠷᠣᠨ ᠵᠠᠶ ᠶᠢ ᠪᠦᠷᠢᠳᠬᠡᠨ ᠳᠠᠩᠰᠠᠯᠠᠭᠤᠯᠬᠤ ᠪᠠᠷ ᠳᠠᠮᠵᠢᠭᠠᠳ᠂ ᠤᠯᠤᠰ ᠤᠨ ᠲᠠᠰ ᠤᠨ ᠣᠯᠠᠨ ᠢᠶᠠᠷ ᠢᠶᠠᠨ ᠡᠭᠦᠳᠦᠨ ᠴᠣᠭᠴᠠᠯᠬᠤ ᠣᠷᠣᠨ ᠵᠠᠶ ᠪᠣᠯᠵᠤ ᠳᠡᠪᠰᠢᠪᠡ᠃ ᠣᠳᠣ ᠪᠣᠯᠲᠠᠯ᠎ᠠ᠂ ᠣᠷᠳᠣᠰ ᠬᠤᠲᠠ ᠨᠢᠭᠡᠨᠲᠡ ᠤᠯᠤᠰ ᠤᠨ ᠳᠡᠰ ᠤᠨ 8᠂ ᠥᠪᠡᠷᠲᠡᠭᠡᠨ ᠵᠠᠰᠠᠬᠤ ᠣᠷᠣᠨ ᠤ ᠳᠡᠰ ᠤᠨ 13᠂ ᠬᠤᠲᠠ ᠶᠢᠨ ᠳᠡᠰ ᠤᠨ 3 ᠣᠯᠠᠨ ᠢᠶᠠᠷ ᠢᠶᠠᠨ ᠡᠭᠦᠳᠦᠨ ᠴᠣᠭᠴᠠᠯᠠᠬᠤ ᠣᠷᠣᠨ ᠵᠠᠶ ᠲᠠᠢ ᠪᠣᠯᠪᠠ᠃ ᠣᠶᠢᠯᠠᠭᠠᠭᠰᠠᠨ ᠢᠶᠠᠷ᠂ ᠤᠯᠤᠰ ᠤᠨ ᠲᠠᠰ ᠤᠨ ᠣᠯᠠᠨ ᠢᠶᠠᠷ ᠢᠶᠠᠨ ᠡᠭᠦᠳᠦᠨ ᠴᠣᠭᠴᠠᠯᠠᠬᠤ ᠣᠷᠣᠨ ᠵᠠᠶ ᠪᠣᠯᠬᠤ ᠶᠢ ᠦᠨᠡᠮᠰᠢᠨ ᠲᠣᠭᠲᠠᠭᠠᠬᠤ ᠪᠣᠯ ᠤᠯᠠᠨ ᠢᠶᠠᠷ ᠢᠶᠠᠨ ᠡᠭᠦᠳᠦᠨ ᠴᠣᠭᠴᠠᠯᠠᠬᠤ ᠣᠷᠣᠨ ᠵᠠᠢ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠂ ᠦᠢ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ᠂ ᠲᠦᠭ ᠲᠦᠮᠡᠨ ᠢᠶᠠᠷ ᠢᠶᠠᠨ ᠰᠢᠨ᠎ᠡ ᠶᠢ ᠡᠭᠦᠳᠬᠦ ᠎ ᠳᠤ ᠠᠰᠢᠭᠲᠠᠢ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠬᠤ ᠶᠢᠨ ᠲᠥᠯᠥᠭᠡ ᠶᠤᠮ᠃ ᠲᠤᠰ ᠤᠳᠠᠭᠠᠨ ᠤ ᠪᠦᠷᠢᠳᠬᠡᠨ ᠳᠠᠩᠰᠠᠯᠠᠭᠤᠯᠬᠤ ᠠᠵᠢᠯ ᠨᠢ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠤ ᠭᠠᠯ ᠪᠠᠮᠪᠠᠷ ᠤᠨ ᠲᠥᠪ ᠤᠨ ︽ᠤᠯᠤᠰ ᠤᠨ ᠣᠯᠠᠨ ᠢᠶᠠᠷ ᠢᠶᠠᠨ ᠡᠭᠦᠳᠦᠨ ᠴᠣᠭᠴᠠᠯᠠᠬᠤ ᠣᠷᠣᠨ ᠵᠠᠶ ᠶᠢ ᠪᠦᠷᠢᠳᠬᠡᠨ ᠳᠠᠩᠰᠠᠯᠠᠭᠤᠯᠬᠤ ᠠᠵᠢᠯ ᠢ ᠥᠷᠨᠢᠭᠦᠯᠬᠦ ᠲᠤᠬᠠᠶ ᠮᠡᠳᠡᠭᠳᠡᠯ︾᠎ ᠤᠨ ᠱᠠᠭᠠᠷᠳᠠᠯᠭ᠎ᠠ ᠶᠢ ᠦᠨᠳᠦᠰᠦᠯᠡᠨ᠂ ︽ᠤᠯᠤᠰ ᠤᠨ ᠣᠯᠠᠨ ᠢᠶᠠᠷ ᠢᠶᠠᠨ ᠡᠭᠦᠳᠦᠨ ᠴᠣᠭᠴᠠᠯᠠᠬᠤ ᠣᠷᠣᠨ ᠵᠠᠶ ᠶᠢ ᠪᠦᠷᠢᠳᠬᠡᠨ ᠳᠠᠩᠰᠠᠯᠠᠭᠤᠯᠬᠤ ᠶᠢᠨ ᠲᠦᠷ ᠬᠡᠷᠡᠭᠵᠢᠭᠦᠯᠬᠦ ᠲᠣᠭᠲᠠᠭᠠᠯ︾᠎ ᠲᠠᠢ ᠤᠶᠠᠯᠳᠤᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠨᠢ ᠡᠯ᠎ᠡ ᠭᠠᠵᠠᠷ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠲᠠᠨᠢᠯᠴᠠᠭᠤᠯᠤᠭᠰᠠᠨ ᠰᠠᠭᠤᠷᠢᠨ ᠳᠡᠭᠡᠷ᠎ᠡ᠂ ᠬᠥᠭᠵᠢᠯᠲᠡ ᠶᠢᠨ ᠴᠢᠭᠯᠡᠯ ᠨᠢ ᠲᠣᠳᠣᠷᠬᠠᠶ᠂ ᠬᠡᠪ ᠵᠠᠭᠪᠤᠷ ᠨᠢ ᠢᠯᠡᠷᠬᠡᠢ᠂ ᠥᠷᠭᠦᠯᠵᠢᠯᠡᠭᠰᠡᠨ ᠬᠥᠭᠵᠢᠯᠲᠡ ᠶᠢᠨ ᠴᠢᠳᠠᠪᠤᠷᠢ ᠶᠢ ᠪᠦᠷᠢᠯᠳᠦᠭᠦᠯᠦᠭᠰᠡᠨ ᠣᠯᠠᠨ ᠢᠶᠠᠷ ᠢᠶᠠᠨ ᠡᠭᠦᠳᠦᠨ ᠴᠣᠭᠴᠠᠯᠠᠬᠤ ᠣᠷᠣᠨ ᠵᠠᠶ ᠶᠢ ᠬᠢᠨᠠᠨ ᠬᠠᠷᠭᠤᠭᠤᠯᠤᠭᠠᠳ ᠪᠦᠷᠢᠳᠬᠡᠨ ᠳᠠᠩᠰᠠᠯᠠᠵᠤ᠂ ᠪᠦᠷᠢᠳᠬᠡᠨ ᠳᠠᠩᠰᠠᠯᠠᠭᠤᠯᠤᠭᠰᠠᠨ ᠣᠯᠠᠨ ᠢᠶᠠᠷ ᠢᠶᠠᠨ ᠡᠭᠦᠳᠦᠨ ᠴᠣᠭᠴᠠᠯᠠᠬᠤ ᠣᠷᠣᠨ ᠵᠠᠶ ᠶᠢ ᠤᠯᠤᠰ ᠤᠨ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠰᠢᠰᠲ᠋ᠧᠮᠵᠢ ᠳᠤ ᠣᠷᠣᠭᠤᠯᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号