ᠪᠦᠬᠦ ᠣᠷᠣᠨ ᠤ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠠᠵᠢᠯ ᠤᠨ ᠲᠢᠩᠬᠢᠮ ᠤᠨ ᠬᠤᠭᠤᠷᠣᠨᠳᠣᠬᠢ ᠠᠩᠬᠠᠳᠤᠭᠠᠷ ᠤᠳᠠᠭᠠᠨ ᠤ ᠬᠠᠮᠲᠤᠷᠠᠭᠰᠠᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2017/12/20
      ᠦᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠠᠵᠢᠯ ᠤᠨ ᠲᠢᠩᠬᠢᠮ ᠤᠨ ᠬᠤᠭᠤᠷᠣᠨᠳᠣᠬᠢ ᠠᠩᠬᠠᠳᠤᠭᠠᠷ ᠤᠳᠠᠭᠠᠨ ᠤ ᠬᠠᠮᠲᠤᠷᠠᠭᠰᠠᠨ ᠬᠤᠷᠠᠯ ᠨᠢ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠬᠤᠳᠠᠯᠳᠤᠭᠠᠨ ᠤ ᠲᠣᠪᠴᠢᠶ᠎ᠠ ᠳᠤ ᠬᠤᠷᠠᠯᠳᠤᠪᠠ᠃ ᠬᠤᠷᠠᠯᠳᠤᠭᠤᠯᠤᠭᠴᠢ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠬᠤᠳᠠᠯᠳᠤᠭᠠᠨ ᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠴᠧᠨ ᠵᠢᠶᠧ ᠬᠤᠷᠠᠯ ᠳᠤ ᠤᠷᠤᠯᠴᠠᠭᠰᠠᠨ ᠪᠦᠭᠡᠳ ᠶᠠᠷᠢᠶ᠎ᠠ ᠲᠠᠯᠪᠢᠵᠠᠢ᠃ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ 23 ᠵᠥᠪᠯᠡᠯ ᠠᠯᠪᠠᠨ ᠭᠡᠷ ᠲᠢᠩᠬᠢᠮ ᠲᠣᠪᠴᠢᠶ᠎ᠠ ᠬᠤᠷᠠᠯ ᠳᠤ ᠤᠷᠤᠯᠴᠠᠭᠰᠠᠨ ᠪᠠᠶᠢᠨ᠎ᠠ᠃      ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠠᠵᠢᠯ ᠤᠨ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠠᠵᠢᠯ ᠤᠨ ᠳᠦᠷᠢᠮ︾ ᠪᠤᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠡᠯ᠎ᠡ ᠪᠦᠷᠢᠯᠳᠦᠬᠦᠨ ᠨᠢᠭᠡᠴᠡ ᠶᠢᠨ ᠡᠭᠦᠷᠭᠡ ᠬᠠᠷᠢᠭᠤᠴᠠᠯᠭ᠎ᠠ︾᠎ ᠶᠢ ᠵᠦᠪᠰᠢᠶᠡᠷᠡᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠤᠯᠢ﹀᠎ ᠶᠢ ᠬᠡᠷᠡᠭᠵᠢᠬᠦᠯᠬᠦ ᠠᠷᠭ᠎ᠠ︾ ︵ᠵᠠᠰᠠᠪᠤᠷᠢ ᠤᠷᠤᠭᠤᠯᠤᠭᠰᠠᠨ ᠲᠥᠰᠦᠯ︶᠎ ᠶᠢᠨ ᠲᠤᠬᠠᠢ ᠰᠠᠨᠠᠯ ᠬᠤᠷᠢᠶᠠᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠨᠢ ᠶᠡᠷᠦᠩᠬᠡᠶ ᠱᠦᠵᠢ ᠶᠢᠨ ︽ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾  ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠠᠮᠢᠳᠤᠯᠢᠭ ᠦᠢᠯᠡᠳᠦᠯᠭᠡ ᠮᠦᠨ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠲᠤᠤᠱᠯᠠᠭᠤᠯᠬᠤ ᠶᠢᠨ ᠪᠣᠳᠠᠲᠠᠶ ᠢᠯᠡᠷᠡᠯ ᠮᠥᠨ᠂ ᠬᠡᠷᠡᠭᠯᠡᠭᠡᠨ ᠤ ᠢᠲᠡᠭᠡᠯ ᠢ ᠨᠡᠮᠡᠭᠳᠡᠭᠦᠯᠦᠨ᠂ ᠬᠡᠷᠡᠭᠯᠡᠭᠡᠨ ᠤ ᠳᠠᠯᠳᠠ ᠬᠦᠴᠦᠨ ᠢ ᠰᠤᠯᠠᠯᠠᠨ᠂ ᠬᠡᠷᠡᠭᠯᠡᠭᠡᠨ ᠤ ᠠᠵᠤ ᠠᠬᠤᠶ ᠶᠢᠨ ᠨᠡᠮᠡᠭᠳᠡᠯ ᠳᠤ ᠦᠵᠡᠭᠦᠯᠬᠦ ᠰᠠᠭᠤᠷᠢ ᠪᠣᠯᠬᠤ ᠦᠢᠯᠡᠳᠦᠯ ᠢ ᠴᠢᠩᠭᠠᠷᠠᠭᠤᠯᠬᠤ ᠶᠢᠨ ᠪᠤᠰᠤᠳᠴᠢ ᠱᠠᠭᠠᠷᠳᠠᠯᠭ᠎ᠠ ᠮᠥᠨ᠂ ᠵᠠᠬ᠎ᠠ ᠳᠡᠯᠭᠡᠭᠦᠷ ᠤᠨ ᠠᠵᠤ ᠠᠬᠤᠶ ᠶᠢᠨ ᠡᠮᠬᠢ ᠵᠢᠷᠤᠮ ᠢ ᠬᠠᠮᠠᠭᠠᠯᠠᠨ᠂ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠯᠭᠠᠬᠤ ᠶᠢᠨ ᠴᠢᠬᠤᠯᠠ ᠠᠷᠭ᠎ᠠ ᠬᠡᠮᠵᠢᠶ᠎ᠡ ᠮᠥᠨ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠠᠵᠤ ᠦᠢᠯᠡᠳᠪᠦᠷᠢ ᠬᠤᠳᠠᠯᠳᠤᠭᠠᠨ ᠤ ᠲᠣᠪᠴᠢᠶ᠎ᠠ ᠪᠠᠷ ᠲᠦᠷᠦᠭᠦᠯᠡᠨ ᠥᠪᠡᠷᠲᠡᠭᠡᠨ ᠵᠠᠰᠠᠬᠤ ᠣᠷᠣᠨ ᠤ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠬᠤ ᠶᠢ ᠵᠦᠪᠰᠢᠶᠡᠷᠡᠭᠰᠡᠨ ᠶᠠᠪᠤᠳᠠᠯ ᠨᠢ᠂ ᠪᠦᠬᠦ ᠣᠷᠣᠨ ᠤ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠠᠵᠢᠯ ᠤᠨ ᠨᠢᠭᠡᠨ ᠲᠤᠮᠤ ᠶᠠᠪᠤᠳᠠᠯ ᠪᠦᠭᠡᠳ ᠨᠢᠭᠡ ᠤᠳᠠᠭᠠᠨ ᠤ ᠰᠢᠪᠲᠤᠯᠤᠯᠲᠠ ᠪᠠᠶᠢᠵᠤ᠂ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠰᠠᠯᠠᠭ᠎ᠠ ᠮᠥᠴᠢᠷ ᠤᠳ ᠤᠨ ᠬᠠᠮᠵᠢᠯᠴᠠᠭ᠎ᠠ ᠶᠢ ᠭᠦᠨᠵᠡᠭᠡᠶᠢᠷᠡᠭᠦᠯᠬᠦ ᠳᠤ ᠰᠠᠶᠢᠢᠨ ᠰᠠᠶᠢᠬᠠᠨ ᠠᠵᠠ ᠲᠣᠬᠢᠶᠠᠯ ᠢ ᠬᠠᠩᠭᠠᠭᠰᠠᠨ ᠪᠠᠶᠢᠨ᠎ᠠ᠃ ᠡᠯ᠎ᠡ ᠪᠦᠷᠢᠯᠳᠦᠬᠦᠨ ᠨᠢᠭᠡᠴᠡ ᠨᠦᠭᠦᠳ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ᠂ ᠬᠡᠷᠡᠭᠯᠡᠭᠡᠨ ᠤ ᠣᠷᠴᠢᠨ ᠨᠥᠬᠦᠴᠡᠯ ᠢ ᠰᠠᠶᠢᠵᠢᠷᠠᠭᠤᠯᠬᠤ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠬᠠᠮᠵᠢᠯᠴᠠᠨ ᠵᠣᠬᠢᠴᠠᠯᠳᠤᠬᠤ ᠶᠢ ᠦᠨᠡᠨ ᠬᠦ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠲᠣᠭᠲᠠᠴᠠ ᠶᠢᠨ ᠠᠷᠭ᠎ᠠ ᠬᠡᠯᠪᠡᠷᠢ ᠶᠢ ᠲᠠᠰᠤᠷᠠᠯᠲᠠ ᠦᠭᠡᠢ ᠰᠢᠨᠡᠴᠢᠯᠡᠵᠤ᠂ ᠦᠨᠡᠨᠴᠢ ᠢᠲᠡᠭᠡᠮᠵᠢᠲᠡᠶ ᠪᠠᠷ ᠡᠵᠡᠩᠨᠡᠨ᠂ ᠰᠠᠨᠠᠭ᠎ᠠ ᠠᠮᠤᠷ ᠬᠡᠷᠡᠭᠯᠡᠭᠡ ᠪᠦᠬᠦᠢ ᠰᠠᠶᠢᠨ ᠰᠠᠶᠢᠬᠠᠨ ᠣᠷᠴᠢᠨ ᠨᠥᠬᠦᠴᠡᠯ ᠢ ᠪᠦᠷᠢᠯᠳᠦᠭᠦᠯᠵᠦ᠂ ᠪᠥᠬᠦ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ ᠬᠡᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号