ᠪᠤᠭᠤᠲᠤ ᠬᠤᠲᠠ ᠶᠢᠨ ᠭᠠᠵᠠᠷ ᠰᠢᠷᠣᠶ ᠶᠢᠨ ᠡᠷᠬᠡ ᠶᠢ ᠲᠣᠭᠲᠠᠭᠠᠬᠤ ᠠᠵᠢᠯ ᠵᠠᠩᠭᠢᠯᠠᠭ᠎ᠠ ᠶᠢᠨ ᠱᠠᠲᠤᠨ ᠳᠤ ᠤᠷᠤᠪᠠ
ᠨᠡᠶᠢᠲᠡᠯᠡᠭᠰᠡᠨ ᠴᠠᠭ᠄
2017/12/20
     ᠲᠦᠷᠦᠭᠦᠬᠡᠨ᠂ ᠪᠤᠭᠤᠲᠤ ᠬᠤᠲᠠ ᠶᠢᠨ ᠬᠥᠳᠡᠭᠡ ᠲᠣᠰᠬᠤᠨ ᠤ ᠭᠠᠵᠠᠷ ᠰᠢᠷᠣᠶ ᠶᠢᠨ ᠡᠷᠬᠡ ᠶᠢ ᠲᠣᠭᠲᠠᠭᠠᠬᠤ ᠠᠵᠢᠯ ᠵᠠᠩᠭᠢᠯᠠᠭ᠎ᠠ ᠶᠢᠨ ᠱᠠᠲᠤᠨ ᠳᠤ ᠤᠷᠤᠵᠤ᠂ ᠥᠪᠡᠷᠲᠡᠭᠡᠨ ᠵᠠᠰᠠᠬᠤ ᠣᠷᠣᠨ ᠤ ᠲᠤᠷᠰᠢᠯᠲᠠ ᠶᠢᠨ ᠬᠤᠰᠢᠭᠤ ᠰᠢᠶᠠᠨ ᠢᠶᠠᠷ ᠲᠤᠭᠲᠠᠭᠠᠭᠳᠠᠭᠰᠠᠨ ᠪᠤᠭᠤᠲᠤ ᠬᠤᠲᠠ ᠶᠢᠨ ᠲᠦᠮᠡᠳ ᠪᠠᠷᠠᠭᠤᠨ ᠬᠤᠰᠢᠭᠤ ᠨᠢᠭᠡᠨᠲᠡ ᠪᠠᠶᠢᠴᠠᠭᠠᠯᠲᠠ ᠪᠤᠯᠤᠨ ᠬᠢᠨᠠᠨ ᠪᠠᠶᠢᠴᠠᠭᠠᠯᠲᠠ ᠪᠠᠨ ᠳᠠᠭᠤᠰᠬᠠᠵᠤ᠂ ᠥᠪᠡᠷᠲᠡᠭᠡᠨ ᠵᠠᠰᠠᠬᠤ ᠣᠷᠣᠨ ᠤ ᠰᠢᠯᠭᠠᠨ ᠠᠪᠬᠤ ᠶᠢ ᠬᠦᠯᠢᠶᠡᠵᠦ ᠪᠠᠶᠢᠭ᠎ᠠ ᠶᠤᠮ᠃ 2014 ᠣᠨ ᠳᠤ᠂ ᠪᠤᠭᠤᠲᠤ ᠬᠤᠲᠠ ᠶᠢᠨ ᠲᠦᠮᠡᠳ ᠪᠠᠷᠠᠭᠤᠨ ᠬᠤᠰᠢᠭᠤ ᠨᠢ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠭᠠᠵᠠᠷ ᠰᠢᠷᠣᠶ ᠶᠢᠨ ᠡᠷᠬᠡ ᠶᠢ ᠲᠣᠭᠲᠠᠭᠠᠬᠤ ᠠᠵᠢᠯ ᠤᠨ ᠲᠤᠷᠰᠢᠯᠲᠠ ᠶᠢᠨ ᠬᠤᠰᠢᠭᠤ ᠰᠢᠶᠠᠨ ᠢᠶᠠᠷ ᠲᠤᠭᠲᠠᠭᠠᠭᠳᠠᠵᠤ᠂ 11 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠲᠤᠷᠰᠢᠯᠲᠠ ᠶᠢᠨ ᠭᠠᠵᠠᠷ ᠰᠢᠷᠤᠢ ᠶᠢᠨ ᠡᠷᠬᠡ ᠶᠢ ᠲᠣᠭᠲᠠᠭᠠᠬᠤ ᠳᠤ ᠬᠤᠯᠪᠤᠭᠳᠠᠬᠤ 288 ᠲᠤᠰᠬᠤᠨ᠂ 7.6 ᠲᠦᠮᠡᠨ ᠲᠠᠷᠢᠶᠠᠴᠢᠨ ᠡᠷᠦᠬᠡ ᠶᠢᠨ ᠬᠦᠮᠦᠨ ᠠᠮᠠ ᠵᠢᠴᠢ ᠭᠠᠵᠠᠷ ᠰᠢᠷᠤᠢ ᠶᠢᠨ ᠡᠷᠬᠡ ᠶᠢᠨ ᠬᠠᠷᠢᠶᠠᠯᠠᠯ ᠤᠨ ᠮᠡᠳᠡᠭᠡ ᠵᠠᠩᠭᠢ ᠶᠢ ᠨᠢᠭᠡᠨᠲᠡ ᠪᠦᠬᠦᠨ ᠢ ᠪᠠᠶᠢᠴᠠᠭᠠᠨ ᠳᠠᠭᠤᠰᠬᠠᠵᠤ᠂ ᠨᠡᠶᠢᠲᠡ 157.3 ᠲᠦᠮᠡᠨ ᠮᠦ ᠲᠠᠷᠢᠶᠠᠨ ᠭᠠᠵᠠᠷ ᠢ ᠪᠠᠶᠢᠴᠠᠭᠠᠪᠠ᠃ ᠬᠥᠳᠡᠭᠡ ᠲᠣᠰᠬᠤᠨ ᠤ ᠭᠠᠵᠠᠷ ᠰᠢᠷᠣᠶ ᠶᠢᠨ ᠡᠷᠬᠡ ᠶᠢ ᠲᠤᠭᠲᠠᠭᠠᠨ ᠪᠦᠬᠦᠯᠢ ᠰᠢᠶᠠᠨ ᠳᠤ ᠨᠡᠶᠢᠳᠡᠮ ᠶᠠᠪᠤᠭᠳᠠᠭᠤᠯᠤᠭᠰᠠᠨ ᠬᠤᠰᠢᠭᠤ ᠰᠢᠶᠠᠨ ᠲᠤᠭᠤᠷᠢᠭ ᠲᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ᠂ ᠭᠦᠶᠡᠩ ᠰᠢᠶᠠᠨ᠂ ᠰᠢᠭᠤᠶᠢᠲᠤ ᠲᠣᠭᠤᠷᠢᠭ ᠪᠠᠭᠲᠠᠨ᠎ᠠ᠂ ᠡᠭᠦᠨ ᠳᠤ ᠳᠠᠷᠬᠠᠨ ᠮᠤᠤᠮᠢᠩᠭᠠᠨ ᠬᠤᠰᠢᠭᠤ 36 ᠵᠠᠰᠠᠭ ᠵᠠᠬᠢᠷᠭᠠᠨ ᠤ ᠭᠠᠴᠠᠭ᠎ᠠ ᠶᠢ ᠪᠣᠳᠠᠲᠠᠶ ᠬᠡᠮᠵᠢᠨ ᠪᠡᠶᠡᠯᠡᠭᠦᠯᠵᠦ᠂ 17196 ᠲᠠᠷᠢᠶᠠᠴᠢᠨ ᠡᠷᠦᠬᠡ ᠳᠤ ᠬᠤᠯᠪᠣᠭᠳᠠᠵᠤ᠂ ᠪᠣᠳᠠᠲᠠᠶ ᠬᠡᠮᠵᠢᠭᠰᠡᠨ ᠲᠠᠯᠠᠪᠠᠢ ᠨᠢ 1088750 ᠮᠦ ᠪᠤᠯᠤᠨ᠎ᠠ᠃  ᠬᠤᠶᠠᠳᠤᠭᠠᠷ ᠡᠭᠡᠯᠵᠢ ᠶᠢᠨ ᠨᠡᠶᠢᠲᠡᠯᠡᠯ ᠳᠤ 2 ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠪᠠ 15 ᠪᠠᠶᠢᠭᠠᠯᠢᠯᠢᠭ ᠲᠤᠰᠬᠤᠨ ᠳᠤ ᠨᠢᠭᠡᠨᠲᠡ ᠪᠡᠶᠡᠯᠡᠭᠦᠯᠪᠡ᠃ ᠭᠦᠶᠡᠩ ᠰᠢᠶᠠᠨ ᠤ ᠤᠯᠤᠰ ᠤᠨ ᠭᠠᠵᠠᠷ ᠰᠢᠷᠤᠢ ᠶᠢ ᠳᠠᠬᠢᠨ ᠲᠤᠬᠢᠷᠠᠭᠤᠯᠬᠤ ᠲᠠᠷᠢᠶᠠᠨ ᠭᠠᠵᠠᠷ ᠤᠨ ᠲᠠᠯᠠᠪᠠᠢ ᠨᠢ 284 ᠲᠦᠮᠡᠨ ᠮᠥ ᠳᠤ ᠬᠦᠷᠴᠦ᠂ ᠨᠡᠶᠢᠲᠡ 8 ᠪᠠᠯᠭᠠᠰᠤ ᠳᠤ ᠬᠤᠯᠪᠤᠭᠳᠠᠵᠤ᠂ 4.4 ᠲᠦᠮᠡᠨ ᠲᠠᠷᠢᠶᠠᠴᠢᠨ ᠡᠷᠦᠬᠡ ᠶᠢᠨ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠶᠢ ᠳᠠᠭᠤᠰᠬᠠᠪᠠ᠃ ᠰᠢᠭᠤᠶᠢᠲᠤ ᠲᠤᠭᠤᠷᠢᠭ ᠤᠨ ᠤᠯᠤᠰ ᠤᠨ ᠭᠠᠵᠠᠷ ᠰᠢᠷᠣᠶ ᠶᠢ ᠳᠠᠬᠢᠨ ᠲᠤᠬᠢᠷᠠᠭᠤᠯᠬᠤ ᠲᠠᠷᠢᠶᠠᠨ ᠭᠠᠵᠠᠷ ᠤᠨ ᠲᠠᠯᠠᠪᠠᠢ ᠨᠢ 6.3 ᠲᠦᠮᠡᠨ ᠮᠥ ᠪᠠᠶᠢᠵᠤ᠂ ᠡᠷᠦᠬᠡ ᠳᠤ ᠬᠦᠷᠴᠦ ᠪᠠᠶᠢᠴᠠᠭᠠᠬᠤ ᠠᠵᠢᠯ ᠤᠨ 98%᠎ ᠶᠢ ᠪᠡᠶᠡᠯᠡᠭᠦᠯᠵᠦ᠂  ᠨᠢᠭᠡᠳᠦᠭᠡᠷ ᠡᠭᠡᠯᠵᠢ ᠶᠢᠨ ᠨᠡᠶᠢᠲᠡᠯᠡᠯ ᠳᠤ 87 ᠲᠤᠰᠬᠤᠨ ᠤ ᠠᠷᠠᠳ ᠤᠨ ᠳᠤᠭᠤᠶᠢᠯᠠᠩ ᠢ ᠪᠡᠶᠡᠯᠡᠭᠦᠯᠵᠦ᠂ 0.51 ᠲᠦᠮᠡᠨ ᠲᠠᠷᠢᠶᠠᠴᠢᠨ ᠡᠷᠦᠬᠡ᠂ 5.6 ᠲᠦᠮᠡᠨ ᠮᠦ ᠲᠠᠷᠢᠶᠠᠨ ᠭᠠᠵᠠᠷ ᠬᠤᠯᠪᠤᠭᠳᠠᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号