ᠤᠯᠠᠭᠠᠨᠴᠠᠪ ᠬᠤᠲᠠ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠲᠣᠯᠣᠭᠠᠶᠢᠯᠠᠭᠴᠢ ᠠᠵᠤ ᠠᠬᠤᠶᠢᠯᠠᠯ ᠢᠶᠠᠷ ᠶᠠᠳᠠᠭᠤ ᠬᠦᠴᠢᠷᠳᠡᠯᠲᠡᠢ ᠡᠷᠦᠬᠡ ᠶᠢ ᠳᠠᠶᠢᠴᠢᠯᠠᠵᠤ ᠪᠣᠢ
ᠨᠡᠶᠢᠲᠡᠯᠡᠭᠰᠡᠨ ᠴᠠᠭ᠄
2017/12/22
     ᠤᠯᠠᠭᠠᠨᠴᠠᠪ ᠬᠤᠲᠠ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠲᠣᠯᠣᠭᠠᠶᠢᠯᠠᠭᠴᠢ ᠠᠵᠤ ᠠᠬᠤᠶᠢᠯᠠᠯ ᠢᠶᠠᠷ ᠶᠠᠳᠠᠭᠤ ᠬᠦᠴᠢᠷᠳᠡᠯᠲᠡᠢ ᠡᠷᠤᠬᠡ ᠶᠢ ᠳᠠᠶᠢᠴᠢᠯᠠᠬᠤ ᠠᠷᠭ᠎ᠠ ᠬᠡᠮᠵᠢᠶ᠎ᠡ ᠨᠢ ᠨᠢᠭᠡᠨᠲᠡ ᠪᠣᠳᠠᠲᠤ ᠦᠷ᠎ᠡ ᠪᠦᠲᠦᠮᠵᠢ ᠣᠯᠪᠠ᠃ 10 ᠳ᠋ᠤᠭᠠᠷ ᠰᠠᠷ᠎ᠠ ᠶᠢᠨ ᠡᠴᠦᠰ ᠪᠣᠯᠲᠠᠯ᠎ᠠ᠂ ᠤᠯᠠᠭᠠᠨᠴᠠᠪ ᠬᠤᠲᠠ ᠳᠤ ᠨᠢᠭᠡᠨᠲᠡ ᠶᠠᠳᠠᠭᠤ ᠶᠢ ᠲᠡᠳᠬᠦᠬᠦ ᠲᠣᠯᠣᠭᠠᠶᠢᠯᠠᠭᠴᠢ 154 ᠠᠵᠤ ᠠᠬᠤᠶᠢᠯᠠᠯ᠂ ᠲᠤᠰᠬᠠᠶ ᠠᠵᠢᠯ ᠤᠨ ᠬᠤᠷᠰᠢᠶ᠎ᠠ᠂ ᠴᠢᠳᠠᠪᠤᠷᠢᠲᠤ ᠲᠤᠮᠤ ᠡᠷᠦᠬᠡ ᠶᠠᠳᠠᠭᠤ ᠬᠦᠴᠢᠷᠳᠡᠯᠲᠡᠢ ᠡᠷᠦᠬᠡ ᠯᠦᠭᠡ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠠᠰᠢᠭ ᠲᠤᠰᠠ ᠶᠢᠨ ᠬᠡᠯᠬᠢᠶ᠎ᠡ ᠲᠣᠭᠲᠠᠴᠠ ᠪᠠᠶᠢᠭᠤᠯᠵᠤ᠂ 36496 ᠶᠠᠳᠠᠭᠤ ᠬᠦᠴᠢᠷᠳᠡᠯᠲᠡᠢ ᠬᠥᠮᠦᠨ ᠠᠮᠠ ᠶᠢ ᠰᠢᠭᠤᠳ ᠳᠠᠶᠢᠴᠢᠯᠠᠨ᠂ ︽ᠲᠣᠪᠶᠤᠭ ᠤᠨ ᠮᠠᠶ᠋ᠢᠭ︾᠎ ᠤᠨ ᠶᠠᠳᠠᠭᠤ ᠶᠢ ᠲᠡᠳᠬᠦᠬᠦ ᠠᠷᠭ᠎ᠠ ᠪᠠᠷ ᠳᠠᠮᠵᠢᠨ 90210 ᠶᠠᠳᠠᠭᠤ ᠬᠦᠴᠢᠷᠳᠡᠯᠲᠡᠶ ᠬᠥᠮᠦᠨ ᠠᠮᠠ ᠶᠢ ᠲᠡᠳᠬᠦᠨ ᠳᠡᠮᠵᠢᠪᠡ᠃ ᠡᠭᠦᠨ ᠤ ᠬᠠᠮᠲᠤ ︽ᠭᠤᠷᠪᠠ ᠶᠢ ᠲᠣᠰᠬᠤᠨ ᠬᠢᠭᠡᠳ ᠡᠷᠦᠬᠡ ᠳᠤ ᠬᠦᠷᠭᠡᠬᠦ ︾ ᠲᠥᠷᠥᠯ ᠵᠦᠢᠯ ᠢ ᠬᠡᠷᠡᠭᠵᠢᠭᠦᠯᠬᠦ ᠳᠡᠭᠡᠷ᠎ᠡ᠂ ᠪᠦᠬᠦ ᠬᠤᠳᠠ ᠨᠢᠭᠡᠨᠲᠡ 3.83 ᠳ᠋ᠥᠩᠰᠢᠭᠤᠷ ᠲᠥᠭᠦᠷᠢᠭ ᠤᠨ ᠪᠡᠯᠡ ᠣᠷᠤᠭᠤᠯᠪᠠ᠂ ᠡᠭᠦᠨ ᠳᠤ ᠲᠤᠰᠬᠠᠶ ᠵᠦᠢᠯ ᠤᠨ ᠶᠠᠳᠠᠭᠤ ᠶᠢ ᠲᠡᠳᠬᠦᠬᠦ ᠪᠡᠯᠡ ᠮᠥᠩᠭᠦ 2.8 ᠳ᠋ᠦᠩᠰᠢᠭᠤᠷ ᠲᠥᠭᠦᠷᠢᠭ ᠲᠤ ᠬᠦᠷᠴᠦ᠂ ᠲᠥᠷᠥᠯ ᠵᠦᠢᠯ ᠨᠢ 45813 ᠲᠠᠷᠢᠶᠠᠯᠠᠬᠤ ᠮᠠᠯᠵᠢᠬᠤ ᠡᠷᠦᠬᠡ ᠶᠢᠨ 98869 ᠬᠦᠮᠦᠨ ᠢ ᠰᠢᠭᠤᠳ ᠬᠠᠮᠤᠷᠴᠤ᠂ ᠡᠭᠦᠨ ᠤ ᠳᠣᠲᠣᠷ᠎ᠠ ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ 45590 ᠶᠠᠳᠠᠭᠤ ᠬᠦᠴᠢᠷᠳᠡᠯᠲᠡᠢ ᠡᠷᠦᠬᠡ ᠶᠢᠨ 98312 ᠬᠥᠮᠦᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号