12 ᠳ᠋ᠤᠭᠠᠷ ᠰᠠᠷ᠎ᠠ ᠶᠢᠨ 13 ᠤ ᠡᠳᠦᠷ᠂ ᠤᠯᠤᠰ ᠤᠨ ᠴᠠᠬᠢᠯᠭᠠᠨ ᠳᠤᠤᠷ ᠤᠨ ᠦᠪᠦᠷ ᠮᠤᠩᠭᠤᠯ ᠤᠨ | ᠵᠡᠬᠦᠨ ᠬᠡᠰᠡᠭ ᠤᠨ ᠠᠵᠤ ᠠᠬᠤᠢ ᠮᠡᠷᠬᠡᠵᠢᠯ ᠤᠨ ᠰᠤᠳᠤᠯᠭᠠᠨ ᠤ ᠬᠦᠷᠢᠶᠡᠯᠡᠩ ᠤᠨ ᠪᠦᠳᠦᠭᠡᠨ ᠪᠠᠶᠢᠭᠤᠯᠤᠭᠰᠠᠨ | ᠬᠦᠯᠦᠨ ᠪᠣᠶᠢᠷ ᠬᠤᠳᠠ ᠠᠴᠠ ᠬᠢᠨᠭ᠍ᠭᠠᠨ ᠠᠶᠢᠮᠠᠭ ᠬᠦᠷᠬᠦ 500 ᠺᠢᠯᠤᠸᠤᠯᠲ ᠤᠨ ᠴᠠᠬᠢᠯᠭᠠᠨ ᠳᠠᠮᠵᠢᠭᠤᠯᠵᠤ | ᠬᠦᠴᠦᠳᠡᠯ ᠦᠭᠡᠷᠡᠴᠢᠯᠡᠬᠦ ᠪᠠᠷᠢᠯᠭ᠎ᠠ ᠠᠮᠵᠢᠯᠳᠠ ᠲᠠᠢ ᠪᠠᠷ ᠴᠠᠬᠢᠯᠭᠠᠨ ᠬᠠᠩᠭᠠᠵᠤ ᠠᠰᠢᠬᠯᠠᠯᠳᠠ ᠳᠤ ᠤᠷᠤᠪᠠ᠃ | ᠡᠶᠢᠨᠬᠦ᠂ ᠬᠢᠨᠭ᠍ᠭᠠᠨ ᠠᠶᠢᠮᠠᠭ ᠤᠨ ᠭᠠᠵᠠᠷ ᠤᠷᠤᠨ ᠳᠤ ᠳᠠᠩ ᠭᠠᠭᠴᠠ 500 ᠺᠢᠯᠤᠸᠤᠯᠲ ᠤᠨ ᠴᠠᠬᠢᠯᠭᠠᠨ | ᠡᠬᠦᠰᠬᠡᠭᠴᠢ ᠪᠠᠷ ᠴᠠᠬᠢᠯᠭᠠᠨ ᠬᠠᠨᠭ᠍ᠭᠠᠵᠤ ᠪᠠᠶᠢᠭᠰᠠᠨ ᠪᠠᠶᠢᠳᠠᠯ ᠪᠦᠷᠢᠮᠦᠰᠦᠨ ᠰᠢᠢᠳᠪᠦᠷᠢᠯᠡᠭᠳᠡᠪᠡ᠃ | ᠬᠦᠯᠤᠨ ᠪᠦᠢᠷ ᠬᠤᠳᠠ ᠠᠴᠠ ᠬᠢᠨᠭ᠍ᠭᠠᠨ ᠠᠶᠢᠮᠠᠭ ᠬᠦᠷᠬᠦ 500 ᠺᠢᠯᠤᠸᠤᠯᠲ ᠤᠨ ᠴᠠᠬᠢᠯᠭᠠᠨ ᠳᠠᠮᠵᠢᠭᠤᠯᠵᠤ | ᠬᠦᠴᠦᠳᠡᠯ ᠦᠭᠡᠷᠡᠴᠢᠯᠡᠬᠦ ᠪᠠᠷᠢᠯᠭ᠎ᠠ ᠪᠤᠯ ᠤᠯᠤᠰ ᠤᠨ ᠴᠠᠬᠢᠯᠭᠠᠨ ᠳᠤᠤᠷ ᠤᠨ ᠦᠪᠦᠷ ᠮᠤᠩᠭᠤᠯ ᠤᠨ ᠵᠡᠬᠦᠨ ᠬᠡᠰᠡᠭ | ᠤᠨ ᠴᠠᠬᠢᠯᠭᠠᠨ ᠬᠦᠴᠦᠨ ᠤ ᠲᠤᠰᠬᠠᠢ ᠪᠡᠯᠡ ᠤᠷᠤᠭᠤᠯᠤᠯᠳᠠ ᠪᠠᠷ ᠬᠠᠮᠤᠭ ᠤᠨ ᠶᠡᠭᠡ 500 ᠺᠢᠯᠤᠸᠤᠯᠲ ᠤᠨ | ᠭᠤᠤᠯ ᠲᠤᠤᠷ ᠤᠨ ᠪᠠᠷᠢᠯᠭ᠎ᠠ ᠶᠢᠨ ᠲᠦᠷᠦᠯ ᠵᠦᠢᠯ ᠮᠦᠨ᠂ ᠦᠪᠦᠷ ᠮᠤᠩᠭᠤᠯ ᠤᠨ ᠵᠡᠬᠦᠨ ᠬᠡᠰᠡᠭ ᠤᠨ 500 | ᠺᠢᠯᠤᠸᠤᠯᠲ ᠤᠨ ᠭᠤᠤᠯ ᠲᠤᠤᠷ ᠢ ᠨᠢᠭᠡᠳᠬᠡᠬᠦ ᠴᠢᠬᠤᠯᠠ ᠪᠦᠷᠢᠯᠳᠦᠬᠦᠨ ᠬᠡᠰᠡᠭ ᠮᠦᠨ᠃ ᠳᠤᠰ ᠪᠠᠷᠢᠯᠭ᠎ᠠ ᠶᠢ | 2015 ᠣᠨ ᠠᠴᠠ ᠡᠬᠢᠯᠡᠵᠤ ᠪᠦᠳᠦᠭᠡᠨ ᠪᠠᠶᠢᠭᠤᠯᠵᠤ᠂ ᠢᠮᠢᠨ ᠤ 500 ᠺᠢᠯᠤᠸᠤᠯᠲ ᠬᠦᠴᠦᠳᠡᠯ ᠦᠭᠡᠷᠡᠴᠢᠯᠡᠬᠦ | ᠦᠷᠳᠡᠭᠡ ᠠᠴᠠ ᠡᠬᠢ ᠠᠪᠴᠤ᠂ ᠬᠢᠨᠭ᠍ᠭᠠᠨ ᠠᠶᠢᠮᠠᠭ ᠤᠨ 500 ᠺᠢᠯᠤᠸᠤᠯᠲ ᠤᠨ ᠬᠦᠴᠦᠳᠡᠯ ᠦᠭᠡᠷᠡᠴᠢᠯᠡᠬᠦ | ᠦᠷᠳᠡᠭᠡ ᠬᠦᠷᠴᠤ᠂ ᠡᠬᠦᠨ ᠤᠬᠠᠮᠳᠤ ᠬᠢᠨᠭ᠍ᠭᠠᠨ ᠠᠶᠢᠮᠠᠭ ᠤᠨ ᠮᠢᠩ ᠱᠦᠢ ᠪᠠᠯᠭᠠᠰᠤᠨ ᠳᠤ ᠨᠢᠭᠡᠨ ᠰᠠᠭᠤᠷᠢ 500 | ᠺᠢᠯᠤᠸᠤᠯᠲ ᠤᠨ ᠴᠠᠬᠢᠯᠭᠠᠨ ᠡᠵᠡᠮᠳᠡᠬᠦ ᠥᠷᠲᠡᠭᠡ ᠶᠢ ᠰᠢᠨ᠎ᠡ ᠪᠠᠷ ᠪᠠᠶᠢᠭᠤᠯᠪᠠ᠃ | ᠬᠦᠯᠦᠨ ᠪᠣᠶᠢᠷ ᠬᠤᠳᠠ ᠠᠴᠠ ᠬᠢᠨᠭ᠍ᠭᠠᠨ ᠠᠶᠢᠮᠠᠭ ᠬᠦᠷᠬᠦ 500 ᠺᠢᠯᠤᠸᠤᠯᠲ ᠤᠨ ᠴᠠᠬᠢᠯᠭᠠᠨ ᠳᠠᠮᠵᠢᠭᠤᠯᠵᠤ | ᠬᠦᠴᠦᠳᠡᠯ ᠦᠭᠡᠷᠡᠴᠢᠯᠡᠬᠦ ᠪᠠᠷᠢᠯᠭ᠎ᠠ ᠨᠢ ᠶᠡᠭᠡ ᠬᠢᠨᠭ᠍ᠭᠠᠨ ᠳᠠᠪᠠᠭᠠᠨ ᠤ ᠭᠠᠵᠠᠷ ᠤᠷᠤᠨ ᠢ ᠰᠤᠨᠳᠠᠯᠠᠵᠤ᠂ ᠳᠤᠰ | ᠪᠠᠷᠢᠯᠭ᠎ᠠ ᠶᠢᠨ ᠠᠰᠢᠬᠯᠠᠯᠳᠠ ᠳᠤ ᠤᠷᠤᠭᠰᠠᠨ ᠨᠢ ᠬᠦᠯᠦᠨ ᠪᠦᠢᠷ ᠤᠷᠤᠨ ᠤ ᠦᠯᠡᠭᠦᠳᠡᠯ ᠴᠠᠬᠢᠯᠭᠠᠨ ᠬᠦᠴᠦ ᠶᠢ | ᠭᠠᠳᠠᠭᠰᠢ ᠬᠦᠷᠬᠡᠬᠦ ᠬᠡᠷᠡᠭᠴᠡᠭᠡ ᠶᠢ ᠬᠠᠩᠭᠠᠭᠰᠠᠨ ᠤ ᠬᠠᠮᠳᠤ ᠵᠠᠷᠤᠳ ᠠᠴᠠ ᠴᠢᠩᠵᠸᠦ ᠬᠦᠷᠬᠦ ±800 | ᠺᠢᠯᠤᠸᠤᠯᠲ ᠤᠨ ᠤᠨᠴᠠ ᠦᠨᠳᠦᠷ ᠬᠦᠴᠦᠳᠡᠯᠳᠤ ᠪᠠᠷᠢᠯᠭ᠎ᠠ ᠳᠤ ᠴᠠᠬᠢᠯᠭᠠᠨ ᠬᠦᠴᠦᠨ ᠢ ᠬᠤᠷᠠᠮᠳᠤᠭᠤᠯᠬᠤ | ᠨᠠᠶᠢᠳᠠᠪᠤᠷᠢᠲᠡᠢ ᠵᠠᠮ ᠱᠤᠭᠤᠮ ᠢ ᠬᠠᠨᠭ᠍ᠭᠠᠬᠰᠠᠨ ᠪᠠᠶᠢᠨ᠎ᠠ᠃ |