ᠦᠪᠡᠷᠲᠡᠬᠡᠨ ᠵᠠᠰᠠᠬᠤ ᠤᠷᠤᠨ ᠤ ᠵᠠᠰᠠᠭ ᠤᠨ ᠤᠷᠳᠤᠨ ᠤ 2017 ᠤᠨ ᠤ 20 ᠳ᠋ᠤᠭᠠᠷ ᠤᠳᠠᠭ᠎ᠠ ᠶᠢᠨ ᠪᠠᠶᠢᠡᠭᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2017-12-26
      12 ᠳ᠋ᠤᠭᠠᠷ ᠰᠠᠷ᠎ᠠ ᠶᠢᠨ 25᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠪᠠᠶᠢᠡᠭᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠦᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ 2017 ᠤᠨ ᠤ ᠪᠦᠬᠦ ᠤᠷᠤᠨ ᠤ ᠠᠵᠤ ᠠᠬᠤᠢ ᠶᠢᠨ ᠡᠷᠬᠢᠯᠳᠡ ᠶᠢᠨ ᠪᠠᠶᠢᠳᠠᠯ ᠪᠤᠯᠤᠨ 2018 ᠤᠨ ᠤ ᠠᠵᠤ ᠠᠬᠤᠢ ᠶᠢᠨ ᠠᠵᠢᠯ ᠢ ᠲᠤᠬᠢᠷᠠᠭᠤᠯᠬᠤ ᠰᠠᠨᠠᠭᠤᠯᠭ᠎ᠠ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠰᠤᠨ ᠤ ᠡᠬᠢ ᠰᠤᠷᠪᠤᠯᠵᠢ ᠶᠢᠨ ᠭᠠᠶᠢᠯᠢ ᠶᠢᠨ ᠦᠭᠡᠷᠡᠴᠢᠯᠡᠯᠳᠡ ᠶᠢᠨ ᠲᠤᠷᠰᠢᠯᠳᠠ ᠶᠢᠨ  ᠴᠢᠭ᠋ ᠤᠨ ᠬᠡᠷᠡᠭᠵᠢᠭᠦᠯᠭᠦ ᠠᠷᠭ᠎ᠠ ᠵᠡᠷᠭᠡ ᠵᠦᠢᠯᠡᠰ ᠢ ᠰᠤᠳᠤᠯᠵᠠᠢ᠃      ᠬᠤᠷᠠᠯ ᠠᠴᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠦᠪᠡᠷᠳᠡᠭᠡᠨ ᠵᠠᠰᠠᠬᠤ ᠤᠷᠤᠨ ᠤ ᠠᠵᠤ ᠠᠬᠤᠢ ᠶᠢᠨ ᠬᠦᠭᠵᠢᠯᠳᠡ ᠢᠯᠡᠷᠬᠡᠢ ᠠᠮᠵᠢᠯᠳᠡ ᠤᠯᠵᠤ᠂ ᠲᠤᠬᠳᠠᠭᠤᠨ ᠤ ᠲᠤᠮᠳᠠ ᠰᠠᠶᠢᠵᠢᠷᠠᠬᠤ᠂ ᠲᠤᠬᠳᠠᠭᠤᠨ ᠤ ᠲᠤᠮᠳᠠ ᠤᠷᠤᠬᠰᠢᠯᠠᠨ ᠳᠠᠪᠰᠢᠬᠤ ᠪᠠᠶᠢᠳᠠᠯ ᠢᠶᠠᠨ ᠲᠠᠰᠤᠷᠠᠯᠳᠠ ᠦᠭᠡᠢ ᠪᠠᠳᠤᠳᠬᠠᠪᠠ᠃ 2017 ᠤᠨ ᠳᠤ᠂ ᠪᠦᠬᠦ ᠤᠷᠤᠨ ᠤ ᠠᠵᠤ ᠠᠬᠤᠢ ᠶᠢᠨ ᠡᠷᠬᠢᠯᠳᠡ ᠦᠩᠭᠡᠷᠡᠭᠰᠡᠨ ᠵᠢᠯ ᠠᠴᠠ ᠢᠯᠡᠷᠬᠡᠢ ᠰᠠᠶᠢᠨ ᠪᠣᠯᠵᠣ᠂ ᠴᠠᠬᠢᠯᠭᠠᠨ ᠬᠡᠷᠡᠭᠯᠡᠭᠰᠡᠨ ᠬᠡᠮᠵᠢᠶ᠎ᠠ᠂ ᠪᠠᠷᠠᠭ᠎ᠠ ᠶᠢᠨ ᠬᠦᠢᠯᠬᠡᠬᠡ ᠶᠢᠨ ᠬᠡᠮᠵᠢᠶ᠎ᠠ ᠵᠡᠷᠭᠡ ᠤᠷᠢᠳᠠᠪᠡᠷ ᠬᠦᠢᠴᠡᠳᠭᠡᠭᠦ ᠬᠦᠢᠴᠡᠳᠭᠡᠯ ᠲᠤᠭ᠎ᠠ ᠴᠦᠮ ᠬᠤᠶᠠᠷ ᠤᠷᠤᠨᠳᠤ ᠲᠤᠭ᠎ᠠ ᠶᠢᠨ ᠨᠡᠮᠡᠭᠳᠡᠯ ᠢ ᠪᠡᠶᠡᠯᠡᠭᠦᠯᠵᠤ᠂ ᠠᠵᠤ ᠠᠬᠤᠢ ᠶᠢᠨ ᠪᠦᠳᠦᠴᠡ ᠦᠷᠭᠦᠯᠵᠢᠯᠡᠨ ᠰᠢᠯᠢᠳᠡᠭᠵᠢᠵᠤ᠂ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠬᠦᠨᠵᠡᠭᠡᠶᠢᠷᠡᠨ ᠠᠬᠢᠵᠣ᠂ ᠦᠢᠯᠡᠴᠢᠯᠡᠭᠡᠨ ᠤ ᠦᠢᠯᠡᠰ ᠤᠨ ᠡᠵᠡᠯᠡᠭᠦ ᠬᠠᠷᠢᠴᠠᠯ ᠴᠢᠨᠠᠬᠰᠢᠳᠠ ᠲᠡᠭᠡᠭᠰᠢᠯᠡᠵᠤ᠂ ᠠᠵᠤ ᠠᠬᠤᠶᠢᠯᠠᠯ ᠤᠨ ᠠᠰᠢᠭ ᠤᠯᠵᠠᠪᠤᠷᠢ᠂ ᠭᠠᠶᠢᠯᠢ ᠶᠢᠨ ᠤᠷᠤᠯᠭ᠎ᠠ᠂ ᠭᠠᠳᠠᠭᠠᠳᠦ ᠠᠷᠠᠯᠵᠢᠶ᠎ᠠ ᠨᠡᠯᠢᠶᠡᠳ ᠲᠦᠷᠭᠡᠨ ᠨᠡᠮᠡᠭᠳᠡᠵᠤ᠂ ᠠᠵᠤ ᠠᠬᠤᠢ ᠶᠢᠨ ᠬᠦᠭᠵᠢᠯᠳᠡ ᠶᠢᠨ ᠶᠠᠰᠦ ᠴᠢᠨᠠᠷ ᠪᠤᠯᠤᠨ ᠦᠷ᠎ᠠ ᠠᠰᠢᠭ ᠲᠠᠰᠤᠷᠠᠯᠳᠠ ᠦᠭᠡᠢ ᠲᠡᠭᠡᠭᠰᠢᠯᠡᠪᠡ ᠬᠡᠵᠤ ᠵᠢᠭᠠᠵᠤ ᠭᠠᠷᠭᠠᠪᠠ᠃      ᠬᠤᠷᠠᠯ ᠠᠴᠠ᠂ ᠢᠷᠡᠬᠦ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠭᠦ ᠳᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠪᠤᠯᠤᠨ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ ᠠᠵᠤ ᠠᠬᠤᠢ ᠶᠢᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠬᠦᠭᠵᠢᠯᠳᠡ ᠶᠢᠨ ᠰᠡᠳᠬᠢᠴᠡ ᠲᠤᠬᠳᠠᠭᠠᠬᠤ᠂ ᠠᠵᠤ ᠠᠬᠤᠢ ᠶᠢᠨ ᠲᠦᠷᠦ ᠶᠢᠨ ᠪᠤᠳᠤᠯᠭ᠎ᠠ ᠲᠤᠬᠳᠠᠭᠠᠬᠤ᠂ ᠬᠤᠷᠸ᠎ᠠ ᠡᠵᠡᠮᠰᠢᠯ ᠲᠤᠬᠢᠷᠠᠭᠤᠯᠭ᠎ᠠ ᠶᠢ ᠬᠡᠷᠡᠭᠵᠢᠭᠦᠯᠭᠦ ᠳᠡᠭᠡᠨ ᠡᠷᠬᠡᠪᠰᠢ ᠴᠢᠨᠠᠷ ᠰᠠᠶᠢᠲᠠᠢ ᠬᠦᠭᠵᠢᠯᠳᠡ ᠶᠢ ᠠᠬᠢᠭᠤᠯᠬᠤ ᠪᠠᠷ ᠦᠨᠳᠦᠰᠦᠨ ᠱᠠᠭᠠᠷᠳᠠᠯᠭ᠎ᠠ ᠪᠤᠯᠭᠠᠵᠤ᠂ ᠢᠷᠡᠬᠦ ᠵᠢᠯ ᠤᠨ ᠠᠵᠤ ᠠᠬᠤᠢ ᠶᠢᠨ ᠠᠵᠢᠯ ᠤᠨ ᠭᠤᠤᠯᠳᠠᠯᠭ᠎ᠠ ᠲᠠᠢ ᠡᠭᠦᠷᠭᠡ ᠶᠢ ᠤᠨᠤᠪᠴᠢᠳᠠᠢ ᠡᠵᠡᠮᠰᠢᠵᠤ᠂ ᠮᠦᠩᠭᠦᠨ ᠬᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠬᠦ᠂ ᠲᠤᠶᠢᠯ ᠤᠨ ᠤᠨᠤᠪᠴᠢᠲᠠᠢ ᠪᠠᠷ ᠶᠠᠳᠠᠭᠤ ᠠᠴᠠ ᠠᠩᠬᠢᠵᠢᠷᠠᠭᠤᠯᠬᠤ᠂ ᠪᠤᠬᠢᠷᠳᠦᠯ ᠢ ᠰᠡᠷᠭᠡᠶᠢᠯᠡᠨ ᠵᠠᠰᠠᠬᠤ ︽ᠭᠤᠷᠪᠠᠨ ᠪᠤᠭᠤᠮᠳᠠ ᠰᠢᠪᠲᠤᠯᠤᠯᠲᠠ︾᠎ ᠶᠢ ᠳᠤᠪᠤᠶᠢᠯᠭᠠᠨ ᠰᠠᠶᠢᠲᠤᠷ ᠠᠳᠬᠤᠵᠤ᠂ ᠲᠦᠪ ᠎ ᠤᠨ ᠠᠵᠤ ᠠᠬᠤᠢ ᠶᠢᠨ ᠠᠵᠢᠯ ᠤᠨ ᠬᠤᠷᠠᠯ ᠠᠴᠠ ᠪᠠᠶᠢᠷᠢᠯᠠᠭᠤᠯᠤᠭᠰᠠᠨ ᠭᠤᠤᠯᠳᠠᠯᠭ᠎ᠠ ᠲᠠᠢ ᠠᠵᠢᠯ ᠢ ᠰᠠᠶᠢᠲᠤᠷ ᠠᠳᠬᠤᠬᠤ ᠬᠡᠷᠡᠭᠳᠡᠢ᠃ ᠠᠵᠤ ᠠᠬᠤᠢ ᠶᠢᠨ ᠠᠵᠢᠯ ᠳᠠᠬᠢ ᠨᠠᠮ ᠤᠨ ᠲᠦᠪᠯᠡᠷᠡᠩᠭᠦᠢ ᠨᠢᠭᠡᠳᠦᠯᠳᠡᠢ ᠤᠳᠤᠷᠢᠳᠤᠯᠭ᠎ᠠ ᠶᠢ ᠪᠠᠷᠢᠮᠳᠠᠯᠠᠵᠤ᠂ ᠦᠵᠡᠯ ᠰᠠᠨᠠᠭ᠎ᠠ ᠪᠤᠯᠤᠨ ᠦᠢᠯᠡ ᠠᠵᠢᠯᠯᠠᠭ᠎ᠠ ᠪᠠᠨ ᠲᠦᠪ ᠤᠨ ᠢᠷᠡᠬᠦ ᠵᠢᠯ ᠤᠨ ᠠᠵᠤ ᠠᠬᠤᠢ ᠶᠢᠨ ᠠᠵᠢᠯ ᠤᠨ ᠪᠠᠶᠢᠷᠢᠯᠠᠭᠤᠯᠤᠯᠲᠠ ᠲᠡᠭᠡᠷ᠎ᠠ ᠨᠢᠭᠡᠳᠭᠡᠵᠤ᠂ ︽ᠲᠦᠷᠪᠡᠨ ᠤᠬᠠᠮᠰᠠᠷ︾᠎ ᠢᠶᠠᠨ ᠪᠤᠳᠠᠳᠣ ᠠᠵᠢᠯᠯᠠᠭ᠎ᠠ ᠪᠤᠯᠤᠨ ᠦᠨᠡᠨ ᠪᠤᠳᠠᠳᠠᠢ ᠠᠵᠢᠯ ᠤᠨ ᠦᠷ᠎ᠠ ᠪᠦᠳᠦᠮᠵᠢ ᠳᠡᠭᠡᠷ᠎ᠡ ᠢᠯᠡᠷᠡᠭᠦᠯᠭᠦ ᠬᠡᠷᠡᠭᠳᠡᠢ ᠬᠡᠵᠤ ᠴᠢᠬᠤᠯᠠᠴᠢᠯᠠᠪᠠ᠃      ᠬᠤᠷᠠᠯ ᠠᠴᠠ᠂ ᠤᠰᠤᠨ ᠤ ᠡᠬᠢ ᠰᠤᠷᠪᠤᠯᠵᠢ ᠶᠢᠨ ᠭᠠᠶᠢᠯᠢ ᠶᠢᠨ ᠦᠭᠡᠷᠡᠴᠢᠯᠡᠯᠳᠡ ᠪᠤᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠨᠢᠭᠡᠨ ᠪᠤᠳᠠᠳᠠᠢ ᠠᠷᠭ᠎ᠠ ᠬᠡᠮᠵᠢᠶ᠎ᠠ ᠪᠤᠯᠤᠨ᠎ᠠ᠂ ᠳᠡᠷᠡ ᠨᠢ ᠤᠰᠤᠨ ᠤ ᠡᠬᠢ ᠰᠤᠷᠪᠤᠯᠵᠢ ᠶᠢ ᠠᠷᠪᠢᠯᠠᠨ ᠭᠠᠮᠨᠠᠬᠤ ᠪᠠ ᠡᠷᠬᠢᠯᠳᠦᠭᠦᠯᠦᠨ ᠠᠰᠢᠬᠯᠠᠬᠤ ᠶᠢ ᠠᠬᠢᠭᠤᠯᠬᠤ ᠳᠤ ᠠᠰᠢᠬᠳᠠᠢ ᠪᠠᠶᠢᠵᠤ᠂ ᠪᠤᠬᠢᠷᠳᠦᠯ ᠦᠭᠡᠢ ᠬᠦᠭᠵᠢᠯᠳᠡ ᠶᠢᠨ ᠠᠷᠭ᠎ᠠ ᠬᠡᠯᠪᠡᠷᠢ ᠪᠤᠯᠤᠨ ᠠᠮᠢᠳᠤᠷᠠᠯ ᠤᠨ ᠠᠷᠭ᠎ᠠ ᠬᠡᠯᠪᠡᠷᠢ ᠶᠢᠨ ᠪᠦᠷᠢᠯᠳᠦᠭᠦ ᠶᠢ ᠠᠬᠢᠭᠤᠯᠬᠤ ᠪᠣᠯᠣᠨ᠎ᠠ᠃ ᠡᠯ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠢᠨ ᠨᠠᠷᠢᠨ ᠨᠢᠮᠪᠠᠢ ᠵᠤᠬᠢᠶᠠᠨ ᠪᠠᠶᠢᠭᠤᠯᠤᠨ᠂ ᠨᠠᠷᠢᠨ ᠪᠠᠶᠢᠷᠢᠯᠠᠭᠤᠯᠵᠤ᠂ ᠲᠤᠷᠰᠢᠯᠳᠠ ᠶᠢᠨ ᠴᠢᠭ᠋ ᠤᠨ ᠠᠵᠢᠯ ᠤᠨ ᠤᠷᠤᠬᠰᠢᠳᠠᠢ ᠠᠬᠢᠬᠤ ᠶᠢ ᠪᠠᠳᠤᠯᠠᠬᠤ ᠬᠡᠷᠡᠭᠳᠡᠢ ᠬᠡᠵᠤ ᠵᠢᠭᠠᠵᠤ ᠭᠠᠷᠭᠠᠪᠠ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号