ᠪᠦᠬᠦ ᠤᠷᠤᠨ ᠤ ᠲᠤᠬᠳᠠᠭᠤᠨ ᠢ ᠬᠠᠮᠠᠭᠠᠯᠠᠬᠤ ᠵᠠᠬᠢᠳᠠᠯ ᠰᠤᠷᠪᠤᠯᠵᠢᠯᠠᠯ ᠤᠨ ᠠᠵᠢᠯ ᠤᠨ ᠲᠤᠰᠬᠠᠢ ᠰᠡᠳᠦᠪᠳᠦ ᠬᠤᠷᠠᠯ ᠵᠢᠴᠢ ᠫᠤᠤ ᠰᠤᠮᠤ ᠶᠢ ᠬᠤᠷᠢᠶᠠᠵᠤ ᠲᠡᠯᠪᠡᠷᠡᠬᠦ ᠡᠳ᠋ ᠢ ᠴᠡᠭᠴᠡᠯᠡᠬᠦ ᠲᠤᠰᠬᠠᠢ ᠠᠵᠢᠯᠯᠠᠭ᠎ᠠ ᠶᠢ ᠪᠠᠶᠢᠷᠢᠯᠠᠭᠤᠯᠬᠤ ᠬᠤᠷᠠᠯ ᠬᠢᠪᠡ
ᠨᠡᠶᠢᠲᠡᠯᠡᠭᠰᠡᠨ ᠴᠠᠭ᠄
2017/12/26
     12 ᠳ᠋ᠤᠭᠠᠷ ᠰᠠᠷ᠎ᠠ ᠶᠢᠨ 22᠎ ᠤᠨ ᠡᠳᠦᠷ᠂ ᠪᠦᠬᠦ ᠤᠷᠤᠨ ᠤ ᠲᠤᠬᠳᠠᠭᠤᠨ ᠢ ᠬᠠᠮᠠᠭᠠᠯᠠᠬᠤ ᠵᠠᠬᠢᠳᠠᠯ ᠰᠤᠷᠪᠤᠯᠵᠢᠯᠠᠯ ᠤᠨ ᠠᠵᠢᠯ ᠤᠨ ᠲᠤᠰᠬᠠᠢ ᠰᠡᠳᠦᠪᠳᠦ ᠬᠤᠷᠠᠯ ᠵᠢᠴᠢ ᠫᠤᠤ ᠰᠤᠮᠤ ᠶᠢ ᠬᠤᠷᠢᠶᠠᠮᠵᠢᠯᠠᠵᠤ ᠲᠡᠯᠪᠡᠷᠡᠬᠦ ᠡᠳ᠋ ᠎ ᠢ ᠴᠡᠭᠴᠡᠯᠡᠬᠦ ᠲᠤᠰᠬᠠᠢ ᠠᠵᠢᠯᠯᠠᠭ᠎ᠠ ᠶᠢ ᠪᠠᠶᠢᠷᠢᠯᠠᠭᠤᠯᠬᠤ ᠬᠤᠷᠠᠯ ᠬᠦᠬᠡᠬᠤᠳᠠ ᠳᠤ ᠬᠤᠷᠠᠯᠳᠤᠵᠠᠢ᠃     ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ ᠪᠦᠭᠡᠳ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢ ᠵᠢᠶᠠ ᠶᠠᠷᠢᠶ᠎ᠠ ᠲᠠᠯᠪᠢᠵᠤ᠂ ᠰᠢ ᠶᠢᠨ ᠫᠢᠩ ᠤᠨ ᠰᠢᠨ᠎ᠠ ᠴᠠᠬ ᠦᠶ᠎ᠠ ᠶᠢᠨ ᠲᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠣ᠂ ᠨᠡᠶᠢᠬᠡᠮ ᠤᠨ ᠶᠡᠭᠡ ᠲᠠᠯ᠎ᠠ ᠶᠢᠨ ᠲᠤᠬᠳᠠᠭᠤᠨ ᠢ ᠪᠦᠬᠦ ᠬᠦᠴᠦᠨ ᠢᠶᠠᠷ ᠢᠶᠠᠨ ᠬᠠᠮᠠᠭᠠᠯᠠᠵᠤ᠂ ᠤᠯᠠᠨ ᠲᠦᠮᠡᠨ ᠤ ᠬᠦᠷᠲᠡᠭᠰᠡᠨ ᠲᠦᠷᠦᠭᠳᠡᠯ  ᠂ ᠵᠢᠷᠭᠠᠯ ᠤᠨ ᠮᠡᠳᠡᠷᠡᠮᠵᠢ᠂ ᠠᠮᠤᠷ ᠲᠠᠶᠢᠪᠤᠩ ᠤᠨ ᠲᠦᠷᠦᠭᠳᠡᠯ ᠢ ᠦᠨᠡᠨᠬᠦ ᠲᠡᠭᠡᠭᠰᠢᠯᠡᠬᠦᠯᠬᠦ ᠬᠡᠷᠡᠭᠳᠡᠢ ᠬᠡᠵᠦ ᠴᠢᠬᠤᠯᠠᠴᠢᠯᠠᠵᠠᠢ᠃      ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠴᠠᠩ ᠵᠢᠶᠦ᠋ᠨ ᠵᠧᠩ ᠬᠤᠷᠠᠯ ᠡᠷᠬᠢᠯᠡᠵᠦ᠂ ᠦᠪᠡᠷᠳᠡᠬᠡᠨ ᠵᠠᠰᠠᠬᠤ ᠤᠷᠤᠨ ᠤ ᠠᠷᠠᠳ ᠤᠨ ᠦᠨᠳᠦᠷ ᠵᠡᠷᠬᠡ ᠶᠢᠨ ᠰᠢᠬᠦᠬᠦ ᠬᠤᠷᠢᠶ᠎ᠠ ᠶᠢᠨ ᠲᠠᠷᠤᠭ᠎ᠠ  ᠬᠤ᠋ ᠢ ᠹᠧᠩ᠂ ᠦᠪᠡᠷᠳᠡᠬᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠲᠠᠷᠤᠭ᠎ᠠ ᠮᠠ ᠶᠦᠩ ᠱᠧᠩ ᠬᠤᠷᠠᠯ ᠳᠤ ᠤᠷᠤᠯᠴᠠᠵᠠᠢ᠃      ᠯᠢ ᠵᠢᠶᠠ ᠵᠢᠭᠠᠵᠤ ᠭᠠᠷᠭᠠᠭᠰᠠᠨ ᠨᠢ᠂ ᠵᠢᠯ ᠤᠨ ᠡᠴᠦᠰ ᠣᠨ ᠤ ᠡᠬᠢᠨ ᠤ ᠲᠤᠬᠳᠠᠭᠤᠨ ᠢ ᠬᠠᠮᠠᠭᠠᠯᠠᠬᠤ ᠵᠠᠬᠢᠳᠠᠯ ᠰᠤᠷᠪᠤᠯᠵᠢᠯᠠᠯ ᠤᠨ ᠠᠵᠢᠯ ᠢ ᠰᠠᠶᠢᠳᠤᠷ ᠬᠢᠬᠦ ᠨᠢ ᠲᠤᠶᠢᠯ ᠤᠨ ᠴᠢᠬᠤᠯᠠ ᠶᠤᠮ᠃ ᠰᠢᠨ᠎ᠠ ᠵᠢᠯ ᠴᠠᠭᠠᠨ ᠰᠠᠷ᠎ᠠ ᠤᠳᠠᠯ ᠦᠬᠡᠢ ᠬᠦᠷᠴᠦ ᠢᠷᠡᠬᠦ ᠲᠠᠰᠢᠷᠠᠮ ᠢᠶᠠᠷ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠡᠷᠬᠡᠪᠰᠢ ᠤᠯᠤᠰ ᠲᠦᠷᠦ ᠶᠢᠨ ᠵᠤᠬᠰᠤᠴᠠ ᠪᠠᠨ ᠲᠡᠭᠡᠭᠰᠢᠯᠡᠬᠦᠯᠦᠨ᠂ ᠤᠯᠤᠰ ᠲᠦᠷᠦ ᠶᠢᠨ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠷᠠᠭᠤᠯᠵᠤ᠂ ᠲᠦᠪ ᠤᠨ ᠪᠠᠶᠢᠷᠢᠯᠠᠭᠤᠯᠤᠯᠳᠠ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠤᠨ᠂ ᠠᠷᠠᠳ ᠲᠦᠮᠡᠨ ᠎ ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠬᠦᠨᠵᠡᠬᠡᠢ ᠲᠤᠤᠱᠯᠠᠭᠤᠯᠵᠤ᠂ ᠬᠦᠯᠦᠰᠦᠨ ᠲᠠᠷᠢᠶᠠᠴᠢᠨ ᠤ ᠴᠠᠯᠢᠩ ᠬᠦᠯᠦᠰᠦ ᠶᠢ ᠦᠷᠢᠳᠡᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠶᠢ ︽ᠲᠦᠷᠪᠡᠨ ᠤᠬᠠᠮᠰᠠᠷ︾᠎ ᠢ ᠪᠠᠳᠤ ᠪᠠᠬᠢ ᠪᠤᠢ ᠪᠤᠯᠭᠠᠬᠤ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠡᠷᠬᠡ ᠰᠦᠷ ᠢ ᠡᠷᠡᠰ ᠬᠠᠮᠠᠭᠠᠯᠠᠬᠤ ᠪᠤᠳᠠᠳᠣ ᠠᠵᠢᠯᠯᠠᠭ᠎ᠠ ᠪᠤᠯᠭᠠᠵᠤ᠂ ᠤᠯᠠᠨ ᠲᠦᠮᠡᠨ ᠤ ᠠᠰᠢᠬ ᠲᠤᠰᠠ ᠶᠢ ᠬᠠᠮᠠᠭᠠᠯᠠᠬᠤ ᠲᠤᠮᠤ ᠶᠠᠪᠣᠳᠠᠯ ᠪᠤᠯᠭᠠᠨ ᠠᠳᠬᠤᠬᠤ ᠬᠡᠷᠡᠭᠳᠡᠢ᠃ ᠤᠯᠠᠨ ᠲᠦᠮᠡᠨ ᠤ ᠬᠠᠯᠠᠭᠤᠨ ᠳᠣᠯᠠᠭᠠᠨ ᠠᠮᠤᠷ ᠲᠠᠶᠢᠪᠣᠩ ᠠᠶᠤᠯ ᠲᠦᠭᠰᠢᠬᠦᠷᠢ ᠶᠢ ᠦᠨᠡᠨᠬᠦ ᠰᠡᠳᠬᠢᠯ ᠳᠡᠭᠡᠨ ᠪᠣᠳᠣᠵᠣ᠂ ᠬᠠᠶᠢᠷ᠎ᠠ ᠰᠡᠳᠬᠢᠯᠬᠡ ᠶᠢ ᠡᠪᠦᠷᠯᠡᠨ᠂ ᠬᠠᠷᠢᠭᠤᠴᠠᠯᠭ᠎ᠠ ᠶᠢ ᠡᠭᠦᠷᠭᠡᠯᠡᠵᠦ᠂ ᠰᠡᠳᠬᠢᠯ ᠲᠠᠯᠪᠢᠨ ᠬᠦᠴᠦ ᠤᠷᠤᠭᠤᠯᠵᠤ ᠬᠦᠯᠦᠰᠦᠨ ᠲᠠᠷᠢᠶᠠᠴᠢᠨ ᠤ ᠴᠠᠯᠢᠩ ᠬᠦᠯᠦᠰᠦ ᠶᠢ ᠦᠷᠢᠳᠦᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠬᠦᠯᠦᠰᠦᠨ ᠲᠠᠷᠢᠶᠠᠴᠢᠨ ᠤ ᠬᠠᠤᠯᠢ ᠶᠤᠰᠤᠨ ᠤ ᠡᠷᠬᠡ ᠠᠰᠢᠬ ᠢ ᠦᠨᠡᠨᠬᠦ ᠬᠠᠮᠠᠭᠠᠯᠠᠵᠤ᠂ ᠨᠢᠬᠡ ᠵᠢᠯ ᠵᠦᠳᠡᠷᠡᠭᠰᠡᠨ ᠬᠦᠯᠦᠰᠦᠨ ᠲᠠᠷᠢᠶᠠᠴᠢᠨ ᠴᠠᠯᠢᠩ ᠬᠦᠯᠦᠰᠦ ᠪᠠᠨ ᠤᠯᠵᠤ ᠬᠡᠷ ᠲᠡᠭᠡᠨ ᠬᠠᠷᠢᠬᠤ ᠶᠢ ᠪᠠᠳᠤᠯᠠᠬᠤ ᠬᠡᠷᠡᠭᠳᠡᠢ᠃ ᠬᠡᠪ ᠤᠨ ᠵᠠᠬᠢᠳᠠᠯ ᠰᠤᠷᠪᠤᠯᠵᠢᠯᠠᠯ ᠎ ᠤᠨ ᠡᠮᠬᠢ ᠵᠢᠷᠣᠮ ᠢ ᠬᠠᠮᠠᠭᠠᠯᠠᠵᠤ᠂ ᠵᠣᠷᠢᠭᠤᠳᠠ ᠴᠠᠯᠢᠩ ᠬᠦᠯᠦᠰᠦ ᠶᠢ ᠦᠷᠢᠳᠦᠬᠦ ᠠᠵᠢᠯᠯᠠᠭ᠎ᠠ ᠶᠢ ᠬᠠᠤᠯᠢ ᠶᠤᠰᠤᠭᠠᠷ ᠪᠠᠶᠢᠴᠠᠭᠠᠨ ᠰᠢᠢᠳᠪᠦᠷᠢᠯᠡᠵᠦ᠂ ᠲᠤᠬᠳᠠᠭᠤᠨ ᠢ ᠬᠠᠮᠠᠭᠠᠯᠠᠬᠤ ᠵᠠᠬᠢᠳᠠᠯ ᠰᠤᠷᠪᠤᠯᠵᠢᠯᠠᠯ ᠤᠨ ᠡᠯ᠎ᠡ ᠵᠦᠢᠯ ᠎ ᠤᠨ ᠠᠵᠢᠯ ᠢ ᠨᠢᠬᠡᠳᠦᠯᠳᠡᠢ ᠲᠦᠯᠦᠪᠵᠢᠭᠦᠯᠦᠨ ᠰᠠᠶᠢᠳᠤᠷ ᠬᠢᠵᠦ᠂ ᠨᠡᠶᠢᠬᠡᠮ ᠤᠨ ᠡᠶ᠎ᠡ ᠵᠤᠬᠢᠴᠠᠩᠭᠤᠢ ᠲᠤᠬᠳᠠᠭᠤᠨ ᠪᠠᠶᠢᠳᠠᠯ ᠢ ᠴᠢᠨᠠᠬᠰᠢᠳᠠ ᠪᠠᠬᠢᠵᠢᠬᠦᠯᠬᠦ ᠬᠡᠷᠡᠭᠳᠡᠢ ᠭᠡᠵᠡᠢ᠃      ᠯᠢ ᠵᠢᠶᠠ ᠵᠢᠭᠠᠵᠤ ᠭᠠᠷᠭᠠᠭᠰᠠᠨ ᠨᠢ᠂ ᠫᠤᠤ ᠰᠤᠮᠤ ᠶᠢ ᠬᠤᠷᠢᠶᠠᠮᠵᠢᠯᠠᠵᠤ ᠲᠡᠯᠪᠡᠷᠡᠬᠦ ᠡᠳ᠋ ᠢ ᠴᠡᠭᠴᠡᠯᠡᠬᠦ ᠠᠵᠢᠯ ᠎ ᠢ ᠰᠠᠶᠢᠳᠤᠷ ᠬᠢᠬᠦ ᠨᠢ ᠨᠡᠶᠢᠬᠡᠮ ᠤᠨ ᠤᠯᠠᠨ ᠨᠡᠶᠢᠳᠡ ᠶᠢᠨ ᠠᠮᠤᠷ ᠲᠠᠶᠢᠪᠤᠩ ᠢ ᠬᠠᠮᠠᠭᠠᠯᠠᠬᠤ᠂ ᠦᠨᠳᠦᠰᠦᠳᠡᠨ ᠨᠦᠭᠦᠳ ᠤᠨ ᠤᠯᠠᠨ ᠲᠦᠮᠡᠨ ᠤ ᠠᠮᠤᠷ ᠲᠠᠶᠢᠪᠤᠩ ᠤᠨ ᠲᠦᠷᠦᠭᠳᠡᠯ ᠢ ᠨᠡᠮᠡᠭᠳᠡᠬᠦᠯᠬᠦ‍ ᠨᠢᠬᠡ ᠵᠦᠢᠯ ᠎ ᠤᠨ ᠴᠢᠬᠤᠯᠠ ᠡᠬᠦᠷᠬᠡ ᠪᠤᠯᠤᠨ᠎ᠠ᠃ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠤᠨ ᠬᠢᠨ ᠲᠦᠪ ᠤᠨ ᠱᠠᠭᠠᠷᠳᠠᠯᠭ᠎ᠠ ᠶᠤᠰᠤᠭᠠᠷ᠂ ᠦᠩᠭᠡᠨ ᠳᠠᠯ᠎ᠠ ᠪᠠ ᠦᠨᠳᠦᠰᠦ ᠠᠴᠠ ᠨᠢ ᠵᠠᠰᠠᠬᠤ᠂ ᠤᠯᠠᠨ ᠲᠠᠯ᠎ᠠ ᠠᠴᠠ ᠠᠷᠭ᠎ᠠ ᠪᠣᠳᠣᠯᠭ᠎ᠠ ᠠᠪᠬᠤ ᠶᠢ ᠪᠠᠷᠢᠮᠳᠠᠯᠠᠵᠣ᠂ ᠶᠡᠷᠦᠩᠬᠡᠶᠢᠯᠡᠨ ᠵᠠᠰᠠᠬᠤ᠂ ᠰᠢᠰᠲ᠋ᠧᠮ ᠲᠠᠢ ᠵᠠᠰᠠᠬᠤ ᠶᠢ ᠪᠠᠷᠢᠮᠲᠠᠯᠠᠨ᠂ ᠪᠠᠶᠢᠩᠭᠤ ᠶᠢᠨ ᠴᠢᠨᠠᠷᠳᠠᠢ ᠵᠢᠬᠰᠠᠭᠠᠨ ᠪᠠᠶᠢᠴᠠᠭᠠᠵᠣ ᠴᠡᠭᠴᠡᠯᠡᠨ ᠵᠠᠰᠠᠬᠤ ᠠᠵᠢᠯ ᠢ ᠦᠷᠨᠢᠬᠦᠯᠵᠦ᠂ ᠫᠤᠤ ᠰᠣᠮᠣ ᠲᠡᠯᠪᠡᠷᠡᠬᠦ ᠪᠤᠳᠠᠰ ᠲᠠᠢ ᠬᠤᠯᠪᠤᠬᠳᠠᠬᠰᠠᠨ ᠬᠠᠤᠯᠢ ᠠᠴᠠ ᠵᠦᠷᠢᠴᠡᠭᠰᠡᠨ ᠶᠠᠯᠠᠳᠤ ᠠᠵᠢᠯᠯᠠᠭ᠎ᠠ ᠶᠢ ᠴᠢᠩᠭ᠎ᠠ ᠰᠡᠷᠬᠡᠶᠢᠯᠡᠨ ᠴᠢᠩᠭ᠎ᠠ ᠴᠤᠬᠢᠯᠳᠠ ᠦᠭᠴᠦ᠂ ᠨᠢᠬᠡ ᠪᠦᠯᠦᠭ ᠫᠤᠤ ᠰᠣᠮᠣ ᠲᠡᠯᠪᠡᠷᠡᠬᠦ ᠡᠳ᠋ ᠲᠠᠢ ᠬᠤᠯᠪᠤᠬᠳᠠᠬᠰᠠᠨ ᠨᠡᠶᠢᠳᠡᠯᠢᠭ ᠬᠡᠷᠡᠭ ᠎ ᠢ ᠲᠦᠪᠯᠡᠷᠡᠬᠦᠯᠦᠨ ᠢᠯᠡᠷᠡᠬᠦᠯᠵᠦ᠂ ᠬᠡᠷᠡᠭ ᠲᠤ ᠬᠤᠯᠪᠤᠬᠳᠠᠬᠰᠠᠨ ᠨᠢᠬᠡ ᠪᠦᠯᠦᠭ ᠬᠦᠮᠦᠨ ᠢ ᠪᠠᠷᠢᠪᠴᠢᠯᠠᠨ᠂ ᠨᠢᠬᠡ ᠪᠦᠯᠦᠭ ᠬᠤᠳᠠᠯᠳᠣᠨ ᠪᠣᠷᠣᠯᠠᠭᠤᠯᠬᠤ ᠳᠣᠣᠷ ᠢ ᠰᠦᠢᠷᠡᠬᠦᠯᠵᠦ᠂ ᠫᠤᠤ ᠰᠤᠮᠤ ᠶᠢ ᠬᠤᠷᠢᠶᠠᠮᠵᠢᠯᠠᠵᠤ ᠲᠡᠯᠪᠡᠷᠡᠬᠦ ᠡᠳ᠋ ᠢ ᠴᠡᠭᠴᠡᠯᠡᠬᠦ ᠠᠷᠠᠳ ᠤᠨ ᠲᠠᠶᠢᠨ ᠢ ᠰᠦᠷ ᠲᠠᠯᠠᠶᠢᠴᠠᠳᠠᠢ ᠦᠷᠨᠢᠭᠦᠯᠵᠦ᠂ ᠫᠤᠤ ᠰᠣᠮᠣ ᠲᠡᠯᠪᠡᠷᠡᠬᠦ ᠡᠳ᠋ ᠲᠠᠢ ᠬᠤᠯᠪᠤᠬᠳᠠᠬᠰᠠᠨ ᠶᠠᠯᠠᠳᠤ ᠠᠵᠢᠯᠯᠠᠭ᠎ᠠ ᠶᠢᠨ ᠤᠷᠤᠨ ᠵᠠᠢ ᠶᠢ ᠡᠷᠡᠰ ᠰᠢᠬᠠᠵᠤ᠂ ᠡᠬᠡ ᠤᠯᠤᠰ ᠤᠨ ᠤᠮᠠᠷᠠᠳᠤ ᠬᠢᠯᠢ ᠎ ᠶᠢᠨ ᠠᠮᠤᠷ ᠲᠦᠪᠰᠢᠨ ᠲᠤᠬᠳᠠᠭᠤᠨ ᠤ ᠬᠠᠯᠬᠠᠪᠴᠢ ᠶᠢ ᠦᠨᠡᠨᠬᠦ ᠪᠠᠳᠤ ᠴᠤᠬᠴᠠᠯᠠᠬᠤ ᠬᠡᠷᠡᠭᠳᠡᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号