ᠤᠳᠤᠬᠠᠨ ᠳᠤ᠂ ᠬᠢᠩᠭᠠᠨ ᠠᠶᠢᠮᠠᠭ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠨᠥᠬᠦᠪᠥᠷᠢ ᠶᠢᠨ ᠪᠡᠯᠡ | ᠮᠥᠩᠭᠦ ᠣᠯᠭᠤᠬᠤ ᠨᠢᠭᠡᠨ ︽ᠲᠦᠷᠭᠡᠨ ᠬᠤᠷᠳᠤ ᠶᠢᠨ ᠵᠠᠮ︾ ᠢ ᠨᠡᠭᠡᠭᠡᠵᠤ᠂ ᠮᠠᠯᠴᠢᠨ ᠲᠠᠷᠢᠶᠠᠴᠢᠨ ᠳᠤ ᠠᠰᠢᠭ | ᠬᠦᠷᠲᠡᠭᠡᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ︽ᠰᠢᠭᠤᠳ ᠨᠡᠪᠲᠡᠷᠡᠬᠦ ᠲᠡᠷᠭᠡ︾ ᠶᠢ ᠨᠡᠪᠲᠡᠷᠡᠭᠦᠯᠪᠡ᠃ | ᠡᠨᠡ ᠵᠢᠯ ᠤᠨ 12 ᠳ᠋ᠤᠭᠠᠷ ᠰᠠᠷ᠎ᠠ ᠪᠣᠯᠲᠠᠯ᠎ᠠ᠂ ᠪᠥᠬᠦ ᠠᠶᠢᠮᠠᠭ ᠤᠨ ᠡᠯ᠎ᠡ ᠬᠤᠰᠢᠭᠤ ᠰᠢᠶᠠᠨ ᠬᠤᠲᠠ ᠵᠢᠴᠢ | ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠰᠢᠰᠲ᠋ᠧᠮ ᠨᠢ ︽ᠪᠦᠬᠦᠨ ᠳᠤ ᠲᠤᠬᠢᠷᠠᠬᠤ ᠺᠠᠷᠲ︾ ᠤᠨ | ᠰᠢᠰᠲ᠋ᠧᠮ ᠢᠶᠠᠷ ᠳᠠᠮᠵᠢᠭᠤᠯᠤᠨ ᠡᠯ᠎ᠡ ᠵᠦᠢᠯ ᠤᠨ ᠨᠥᠬᠦᠪᠥᠷᠢ ᠶᠢᠨ ᠪᠡᠯᠡ ᠮᠥᠩᠭᠦ ᠶᠢ ᠨᠡᠶᠢᠲᠡ 43.08 ᠳ᠋ᠦᠡᠭᠰᠢᠭᠤᠷ | ᠲᠥᠭᠦᠷᠢᠭ ᠤᠯᠭᠤᠵᠤ᠂ 9 ᠬᠦᠷᠢᠶᠡᠨ ᠤ 70 ᠲᠦᠷᠦᠯ ᠤᠨ 90 ᠵᠦᠢᠯ ᠤᠨ ᠨᠥᠬᠦᠪᠥᠷᠢ ᠲᠠᠢ ᠬᠤᠯᠪᠤᠭᠳᠠᠵᠠᠢ᠃ | ᠤᠯᠭᠤᠭᠰᠠᠨ ᠬᠦᠷᠢᠶ᠎ᠡ ᠠᠴᠠ ᠦᠵᠡᠪᠡᠯ᠂ ᠲᠠᠷᠢᠶᠠᠯᠠᠩ ᠤᠨ ᠲᠦᠷᠦᠯ ᠤᠨ ᠨᠥᠬᠦᠪᠥᠷᠢ ᠶᠢ 29.33 ᠳ᠋ᠦᠡᠭᠰᠢᠭᠤᠷ | ᠲᠥᠭᠦᠷᠢᠭ ᠤᠯᠭᠤᠵᠤ᠂ ᠪᠦᠬᠦ ᠤᠯᠭᠤᠭᠰᠠᠨ ᠲᠤᠭᠠᠨ ᠤ 68.1% ᠶᠢ ᠡᠵᠡᠯᠡᠪᠡ︔ ᠡᠯ᠎ᠡ ᠬᠤᠰᠢᠭᠤ ᠰᠢᠶᠠᠨ | ᠬᠤᠲᠠ ᠶᠢᠨ ᠤᠯᠭᠤᠭᠰᠠᠨ ᠲᠤᠭ᠎ᠠ ᠪᠠᠷᠢᠮᠲᠠ ᠠᠴᠠ ᠦᠵᠡᠪᠡᠯ᠂ ᠨᠦᠬᠦᠪᠦᠷᠢ ᠶᠢ ᠬᠠᠮᠤᠭ ᠤᠨ ᠠᠷᠪᠢᠨ | ᠤᠯᠭᠤᠭᠰᠠᠨ ᠨᠢ ᠵᠠᠯᠠᠶᠢᠳ ᠬᠤᠰᠢᠭᠤ ᠪᠠᠶᠢᠵᠤ᠂ ᠡᠯ᠎ᠡ ᠵᠦᠢᠯ ᠤᠨ ᠨᠥᠬᠦᠪᠥᠷᠢ ᠶᠢᠨ ᠮᠥᠩᠭᠦ ᠶᠢ ᠨᠡᠶᠢᠲᠡ 13.05 | ᠳ᠋ᠦᠡᠭᠰᠢᠭᠤᠷ ᠲᠥᠭᠦᠷᠢᠭ ᠤᠯᠭᠤᠵᠤ᠂ ᠪᠦᠬᠦ ᠠᠶᠢᠮᠠᠭ ᠤᠨ ᠤᠯᠭᠤᠭᠰᠠᠨ ᠪᠦᠬᠦ ᠲᠣᠭᠠᠨ ᠤ 30% ᠶᠢ ᠡᠵᠡᠯᠡᠵᠠᠢ᠃ | |