ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠠᠮᠤᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ︽ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠠᠴᠠ ᠲᠥᠯᠥᠪᠦᠷᠢ ᠠᠪᠬᠤ ᠳᠦᠷᠢᠮ ᠤᠨ ᠥᠭᠡᠷᠡᠴᠢᠯᠡᠯᠲᠡ ᠶᠢᠨ ᠲᠥᠰᠥᠯ︾᠎ ᠳᠤ ᠲᠠᠶᠢᠯᠤᠮᠵᠢ ᠬᠢᠪᠡ
ᠨᠡᠶᠢᠲᠡᠯᠡᠭᠰᠡᠨ ᠴᠠᠭ᠄
2017/12/28
      ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠣᠶᠢᠷ᠎ᠠ ᠳᠤ ︽ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠠᠴᠠ ᠲᠥᠯᠥᠪᠦᠷᠢ ᠠᠪᠬᠤ ᠳᠦᠷᠢᠮ ᠤᠨ ᠥᠭᠡᠷᠡᠴᠢᠯᠡᠯᠲᠡ ᠶᠢᠨ ᠲᠥᠰᠥᠯ︾᠎ ᠢ ᠳᠠᠷᠤᠮᠠᠯᠯᠠᠨ ᠲᠠᠷᠬᠠᠭᠠᠵᠤ᠂ 2018 ᠣᠨ ᠤ 1 ᠳ᠋ᠦ᠋ᠭᠡᠷ ᠰᠠᠷ᠎ᠠ ᠶᠢᠨ 1᠎ ᠤ ᠡᠳᠦᠷ ᠠᠴᠠ ᠡᠬᠢᠯᠡᠨ᠂ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠠᠴᠠ ᠲᠥᠯᠥᠪᠦᠷᠢ ᠠᠪᠬᠤ ᠳᠦᠷᠢᠮ ᠢ ᠪᠦᠬᠦ ᠤᠯᠤᠰ ᠲᠤ ᠲᠤᠷᠰᠢᠨ ᠬᠡᠷᠡᠭᠯᠡᠨ᠎ᠡ᠃       ᠶᠠᠭᠤᠨ ᠳᠤ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠠᠴᠠ ᠲᠥᠯᠥᠪᠦᠷᠢ ᠠᠪᠬᠤ ᠳᠦᠷᠢᠮ ᠢ ᠲᠣᠭᠲᠠᠭᠠᠬᠤ ᠪᠣᠢ︖ ᠬᠡᠨ ᠬᠥᠮᠥᠨ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠠᠴᠠ ᠲᠥᠯᠥᠪᠦᠷᠢ ᠠᠪᠬᠤ ᠪᠠᠷ ᠳᠤᠷᠠᠳᠴᠤ ᠪᠣᠯᠬᠤ ᠪᠣᠢ︖ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠠᠮᠤᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ 12 ᠳ᠋ᠤᠭᠠᠷ ᠰᠠᠷ᠎ᠠ ᠶᠢᠨ 17᠎ ᠤ ᠡᠳᠦᠷ ᠬᠠᠮᠢᠶ᠎ᠠ ᠪᠦᠬᠦᠢ ᠠᠰᠠᠭᠤᠳᠠᠯ ᠤᠨ ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ  ᠬᠦᠯᠢᠶᠡᠭᠰᠡᠨ  ᠪᠠᠶᠢᠨ᠎ᠠ᠃       ︽ᠠᠵᠤ ᠠᠬᠤᠶᠢᠯᠠᠯ ᠪᠣᠬᠢᠷᠲᠤᠭᠤᠯᠬᠤ᠂ ᠣᠯᠠᠨ ᠲᠦᠮᠡᠨ ᠬᠤᠣᠷ ᠠᠮᠰᠠᠬᠤ᠂ ᠵᠠᠰᠠᠭ ᠤᠨ ᠣᠷᠳᠣᠨ ᠬᠤᠳᠠᠯᠳᠤᠨ ᠠᠪᠬᠤ︾ ᠬᠦᠴᠢᠷᠳᠡᠯ ᠢ ᠰᠢᠢᠳᠪᠦᠷᠢᠯᠡᠨ᠎ᠡ᠃       ᠡᠨᠡ ᠵᠢᠯ ᠤᠨ ᠡᠬᠢᠨ ᠳᠤ᠂ ᠭᠦᠢᠵᠧᠦ ᠮᠤᠵᠢ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠠᠴᠠ ᠲᠥᠯᠥᠪᠦᠷᠢ ᠠᠪᠬᠤ ᠨᠢᠭᠡ ᠬᠤᠪᠢ ᠬᠠᠤᠯᠢ ᠴᠠᠭᠠᠵᠠ ᠶᠢᠨ ᠨᠤᠲᠠᠯᠠᠯᠲᠠ ᠶᠢᠨ ᠪᠢᠴᠢᠭ ᠭᠠᠷᠭᠠᠪᠠ᠃ ᠨᠢᠭᠡᠨ ᠠᠵᠤ ᠠᠬᠤᠶᠢᠯᠠᠯ ᠪᠣᠬᠢᠷ ᠱᠠᠯᠪᠠᠭ ᠢᠶᠠᠨ ᠬᠠᠤᠯᠢ ᠪᠤᠰᠤ ᠪᠠᠷ ᠰᠢᠢᠳᠪᠦᠷᠢᠯᠡᠨ ᠣᠷᠴᠢᠨ ᠲᠣᠭᠤᠷᠢᠨ ᠢ ᠪᠣᠬᠢᠷᠲᠤᠭᠤᠯᠤᠭᠰᠠᠨ ᠠᠴᠠ ᠪᠣᠯᠵᠤ᠂ ᠭᠦᠢᠵᠧᠦ ᠮᠤᠵᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠬᠢᠮ ᠳᠤ 900 ᠭᠠᠷᠤᠢ ᠲᠦᠮᠡᠨ ᠲᠥᠭᠦᠷᠢᠭ ᠤᠨ ᠲᠥᠯᠥᠪᠦᠷᠢ ᠲᠥᠯᠥᠵᠦ᠂ ᠡᠪᠳᠡᠭᠳᠡᠯ ᠬᠤᠬᠢᠷᠠᠯ ᠳᠤ ᠤᠴᠠᠷᠠᠭᠰᠠᠨ ᠭᠠᠵᠠᠷ ᠣᠷᠣᠨ ᠤ ᠠᠮᠢ ᠠᠬᠤᠢ ᠶᠢ ᠵᠠᠰᠠᠨ ᠰᠡᠷᠭᠦᠭᠡᠬᠦ ᠠᠵᠢᠯ ᠳᠤ ᠬᠡᠷᠡᠭᠯᠡᠵᠡᠢ᠃       ᠡᠨᠡ ᠪᠣᠯ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠠᠴᠠ ᠲᠥᠯᠥᠪᠦᠷᠢ ᠠᠪᠬᠤ ᠳᠦᠷᠢᠮ ᠤᠨ ᠨᠢᠭᠡᠨ ᠨᠡᠶᠢᠲᠡᠯᠢᠭ ᠬᠡᠷᠡᠭ ᠤᠨ ᠵᠢᠱᠢᠶ᠎ᠡ ᠪᠣᠯᠣᠨ᠎ᠠ᠃ 2015 ᠣᠨ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠠᠴᠠ ᠲᠥᠯᠥᠪᠦᠷᠢ ᠠᠪᠬᠤ ᠳᠦᠷᠢᠮ ᠳᠤ ᠥᠭᠡᠷᠡᠴᠢᠯᠡᠯᠲᠡ ᠬᠢᠬᠦ ᠲᠤᠷᠰᠢᠯᠲᠠ ᠶᠢᠨ ᠴᠢᠭ᠋ ᠤᠨ ᠲᠥᠰᠥᠯ︾᠎ ᠢ ᠳᠠᠷᠤᠮᠠᠯᠯᠠᠨ ᠲᠠᠷᠬᠠᠭᠠᠵᠤ᠂ ᠭᠢᠷᠢᠨ᠂ ᠱᠠᠨᠳᠦ᠋ᠩ᠂ ᠵᠢᠶᠠᠩᠰᠤ᠂ ᠬᠤᠨᠠᠨ᠂ ᠴᠦᠩᠴᠢᠩ᠂ ᠭᠦᠢᠵᠧᠦ᠂ ᠶᠦᠨᠨᠠᠨ 7 ᠮᠤᠵᠢ ︵ᠬᠤᠲᠠ︶᠎ ᠳᠤ ᠥᠭᠡᠷᠡᠴᠢᠯᠡᠯᠲᠡ ᠬᠢᠬᠦ ᠲᠤᠷᠰᠢᠯᠲᠠ ᠶᠢᠨ ᠴᠢᠭ᠋ ᠤᠨ ᠠᠵᠢᠯ ᠎ ᠢ  ᠥᠷᠨᠢᠭᠦᠯᠦᠭᠰᠡᠨ  ᠪᠠᠶᠢᠨ᠎ᠠ᠃       ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠪᠠᠯ ᠯᠠᠪᠲᠠᠢ ᠦᠷᠡᠭᠳᠡᠯ ᠲᠥᠯᠥᠪᠦᠷᠢ ᠲᠠᠢ ᠪᠠᠶᠢᠳᠠᠭ᠃ ᠭᠡᠲᠡᠯ᠎ᠡ ᠪᠢᠳᠡ ᠪᠠᠰᠠ ᠪᠦᠸᠧᠬᠠᠢ ᠪᠤᠯᠤᠩ ᠠᠴᠠ ᠲᠣᠰᠣ ᠪᠢᠯᠬᠠᠷᠠᠭᠰᠠᠨ ᠪᠣᠬᠢᠷᠲᠤᠯ᠂ ᠰᠤᠩᠭᠠᠷᠢ ᠮᠥᠷᠡᠨ ᠤ ᠤᠰᠤᠨ ᠤ ᠪᠣᠬᠢᠷᠲᠤᠯ᠂ ᠴᠠᠩᠵᠧᠦ ᠶᠢᠨ ᠭᠠᠳᠠᠭᠠᠳᠤ ᠬᠡᠯᠡᠨ ᠤ ᠰᠤᠷᠭᠠᠭᠤᠯᠢ ᠶᠢᠨ ᠬᠥᠷᠥᠰᠥ ᠰᠢᠷᠣᠢ ᠶᠢᠨ ᠪᠣᠬᠢᠷᠲᠤᠯ ᠵᠡᠷᠭᠡ ᠠᠯᠢ ᠣᠯᠠᠨ ᠬᠡᠷᠡᠭ ᠲᠤ᠂ ᠣᠯᠠᠨ ᠨᠡᠶᠢᠲᠡ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠠᠴᠠ ᠭᠦᠢᠴᠡᠳ ᠲᠣᠭᠠᠨ ᠤ ᠲᠥᠯᠥᠪᠦᠷᠢ ᠣᠯᠣᠭᠰᠠᠨ ᠦᠭᠡᠢ᠂ ᠡᠪᠳᠡᠭᠳᠡᠯ ᠬᠤᠬᠢᠷᠠᠯ ᠳᠤ ᠤᠴᠠᠷᠠᠭᠰᠠᠨ ᠠᠮᠢ ᠠᠬᠤᠢ ᠶᠢᠨ ᠣᠷᠴᠢᠨ ᠲᠣᠭᠤᠷᠢᠨ ᠢ ᠲᠡᠷᠡ ᠳᠠᠷᠤᠢ ᠳᠤ ᠨᠢ ᠵᠠᠰᠠᠨ ᠰᠡᠷᠭᠦᠭᠡᠭᠰᠡᠨ ᠦᠭᠡᠢ ᠦᠵᠡᠭᠳᠡᠯ ᠢ ᠬᠠᠷᠠᠵᠤ ᠪᠣᠯᠣᠨ᠎ᠠ᠃       ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠠᠮᠤᠨ ᠤ ᠡᠨᠡ ᠬᠦ ᠬᠠᠷᠢᠭᠤᠴᠠᠯᠭᠠᠲᠠᠨ ᠤ ᠬᠡᠯᠡᠬᠦ ᠪᠠᠷ᠂ ᠪᠦᠬᠦ ᠤᠯᠤᠰ ᠲᠤ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠠᠴᠠ ᠲᠥᠯᠥᠪᠦᠷᠢ ᠠᠪᠬᠤ ᠳᠦᠷᠢᠮ ᠢ ᠲᠤᠷᠰᠢᠨ ᠬᠡᠷᠡᠭᠯᠡᠬᠦ ᠶᠢᠨ ᠵᠣᠷᠢᠯᠭ᠎ᠠ ᠨᠢ ᠡᠩ ᠲᠡᠷᠢᠭᠦᠨ ᠳᠤ ᠡᠪᠳᠡᠵᠦ ᠬᠤᠬᠢᠷᠠᠭᠤᠯᠪᠠᠯ ᠳᠠᠷᠤᠢ ᠬᠠᠷᠢᠭᠤᠴᠠᠯᠭ᠎ᠠ ᠡᠭᠦᠷᠭᠡᠯᠡᠬᠦ ᠱᠠᠭᠠᠷᠳᠠᠯᠭ᠎ᠠ ᠶᠢ ᠪᠡᠶᠡᠯᠡᠭᠦᠯᠬᠦ ᠶᠢᠨ ᠲᠥᠯᠥᠭᠡ ᠶᠤᠮ᠃ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ ᠳᠤ ᠡᠪᠳᠡᠵᠦ ᠬᠤᠬᠢᠷᠠᠭᠤᠯᠪᠠᠯ ᠬᠠᠷᠢᠭᠤᠴᠠᠯᠭ᠎ᠠ ᠡᠭᠦᠷᠭᠡᠯᠡᠬᠦ ᠵᠠᠷᠴᠢᠮ ᠢ ᠲᠣᠭᠲᠠᠭᠠᠪᠠ᠃ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠠᠴᠠ ᠲᠥᠯᠥᠪᠦᠷᠢ ᠠᠪᠬᠤ ᠳᠦᠷᠢᠮ ᠢ ᠲᠣᠭᠲᠠᠭᠠᠨ ᠲᠡᠭᠦᠯᠳᠡᠷᠵᠢᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠬᠠᠷᠢᠭᠤᠴᠠᠭᠴᠢ ᠲᠥᠯᠥᠪᠦᠷᠢ ᠥᠭᠬᠦ ᠬᠠᠷᠢᠭᠤᠴᠠᠯᠭ᠎ᠠ ᠶᠢ ᠡᠭᠦᠷᠭᠡᠯᠡᠵᠦ᠂ ᠡᠪᠳᠡᠭᠳᠡᠯ ᠬᠤᠬᠢᠷᠠᠯ ᠳᠤ ᠤᠴᠠᠷᠠᠭᠰᠠᠨ ᠠᠮᠢ ᠠᠬᠤᠢ ᠶᠢᠨ ᠣᠷᠴᠢᠨ ᠲᠣᠭᠤᠷᠢᠨ ᠢ ᠵᠠᠰᠠᠨ ᠰᠡᠷᠭᠦᠭᠡᠬᠦ ᠨᠢ᠂ ︽ᠠᠵᠤ ᠠᠬᠤᠶᠢᠯᠠᠯ ᠪᠣᠬᠢᠷᠲᠤᠭᠤᠯᠬᠤ᠂ ᠣᠯᠠᠨ ᠲᠦᠮᠡᠨ ᠬᠤᠣᠷ ᠠᠮᠰᠠᠬᠤ᠂ ᠵᠠᠰᠠᠭ ᠤᠨ ᠣᠷᠳᠣᠨ ᠬᠤᠳᠠᠯᠳᠤᠨ ᠠᠪᠬᠤ︾ ᠬᠦᠴᠢᠷᠳᠡᠯ ᠢ ᠰᠢᠢᠳᠪᠦᠷᠢᠯᠡᠬᠦ ᠳᠤ ᠠᠰᠢᠭᠲᠠᠢ ᠪᠠᠶᠢᠳᠠᠭ᠃      ᠡᠨᠡ ᠬᠦ ᠥᠭᠡᠷᠡᠴᠢᠯᠡᠯᠲᠡ ᠨᠢ ᠪᠠᠰᠠ ᠳᠦᠷᠢᠮ ᠤᠨ ᠳᠤᠲᠠᠭᠳᠠᠯ ᠢ ᠨᠥᠬᠦᠪᠦᠷᠢᠯᠡᠬᠦ ᠬᠡᠷᠡᠭᠴᠡᠭᠡ ᠱᠠᠭᠠᠷᠳᠠᠯᠭ᠎ᠠ ᠪᠣᠯᠣᠨ᠎ᠠ᠃ ᠮᠠᠨ ᠤ ᠤᠯᠤᠰ ᠲᠤ᠂ ᠤᠯᠤᠰ ᠠᠴᠠ ᠥᠮᠴᠢᠯᠡᠵᠦ ᠪᠠᠶᠢᠭ᠎ᠠ ᠡᠳ᠋ ᠬᠥᠷᠥᠩᠭᠡ ᠳᠠᠷᠤᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠤᠯᠤᠰ ᠢ ᠲᠥᠯᠥᠭᠡᠯᠡᠨ ᠥᠮᠴᠢᠯᠡᠬᠦ ᠡᠷᠬᠡ ᠶᠢ ᠬᠡᠷᠡᠭᠵᠢᠭᠦᠯᠦᠨ᠎ᠡ᠃ ᠭᠡᠲᠡᠯ᠎ᠡ ᠠᠭᠤᠷᠬᠠᠢ ᠶᠢᠨ ᠪᠤᠯᠠᠭᠳᠠᠴᠠ᠂ ᠤᠰᠤᠨ ᠤᠷᠤᠰᠬᠠᠯ᠂ ᠬᠤᠲᠠ ᠶᠢᠨ ᠭᠠᠵᠠᠷ ᠰᠢᠷᠣᠢ᠂ ᠤᠯᠤᠰ ᠠᠴᠠ ᠥᠮᠴᠢᠯᠡᠵᠦ ᠪᠠᠶᠢᠭ᠎ᠠ ᠣᠢ ᠰᠢᠭᠤᠢ᠂ ᠠᠭᠤᠯᠠ ᠳᠠᠪᠠᠭ᠎ᠠ᠂ ᠲᠠᠯ᠎ᠠ ᠨᠤᠲᠤᠭ᠂ ᠠᠲᠠᠷ ᠭᠠᠵᠠᠷ ᠂ ᠭᠤᠣᠯ ᠤᠨ ᠰᠠᠶᠢᠷᠭᠠᠯ ᠵᠡᠷᠭᠡ ᠪᠠᠶᠢᠭᠠᠯᠢ ᠶᠢᠨ ᠡᠬᠢ ᠪᠠᠶᠠᠯᠢᠭ ᠡᠪᠳᠡᠭᠳᠡᠯ ᠬᠤᠬᠢᠷᠠᠯ ᠳᠤ ᠤᠴᠠᠷᠠᠭᠰᠠᠨ ᠤ ᠳᠠᠷᠠᠭ᠎ᠠ᠂ ᠣᠳᠣ ᠶᠢᠨ ᠪᠠᠶᠢᠭ᠎ᠠ ᠳᠦᠷᠢᠮ ᠳᠤ ᠪᠣᠳᠠᠲᠠᠢ ᠪᠠᠷ ᠲᠥᠯᠥᠪᠦᠷᠢ ᠥᠭᠬᠦ ᠭᠤᠣᠯ ᠴᠣᠭᠴᠠ ᠶᠢᠨ ᠲᠣᠭᠲᠠᠭᠠᠯ ᠳᠤᠲᠠᠭᠳᠠᠵᠤ ᠪᠠᠶᠢᠨ᠎ᠠ ᠭᠡᠵᠦ ᠲᠡᠷᠡ ᠢᠯᠡᠷᠬᠡᠶᠢᠯᠡᠭᠰᠡᠨ ᠪᠠᠶᠢᠨ᠎ᠠ᠃      ᠡᠭᠦᠨ ᠤ ᠬᠠᠮᠲᠤ᠂ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠠᠴᠠ ᠲᠥᠯᠥᠪᠦᠷᠢ ᠠᠪᠬᠤ ᠳᠦᠷᠢᠮ ᠢ ᠬᠡᠷᠡᠭᠵᠢᠭᠦᠯᠬᠦ ᠪᠠᠷ ᠳᠠᠮᠵᠢᠭᠤᠯᠵᠤ᠂ ᠡᠪᠳᠡᠭᠳᠡᠯ ᠬᠤᠬᠢᠷᠠᠯ ᠳᠤ ᠤᠴᠠᠷᠠᠭᠰᠠᠨ ᠠᠮᠢ ᠠᠬᠤᠢ ᠶᠢᠨ ᠣᠷᠴᠢᠨ ᠲᠣᠭᠤᠷᠢᠨ ᠢ ᠵᠠᠰᠠᠨ ᠰᠡᠷᠭᠦᠭᠡᠵᠦ᠂ ᠠᠷᠠᠳ ᠣᠯᠠᠨ ᠤ ᠦᠢᠯᠡᠳᠪᠦᠷᠢᠯᠡᠯ᠂ ᠠᠮᠢᠳᠤᠷᠠᠯ ᠤᠨ ᠣᠷᠴᠢᠨ ᠲᠣᠭᠤᠷᠢᠨ ᠢ ᠬᠠᠮᠠᠭᠠᠯᠠᠬᠤ ᠪᠠ ᠰᠠᠶᠢᠵᠢᠷᠠᠭᠤᠯᠤᠨ᠎ᠠ᠃      ᠲᠡᠷᠡ᠂ ᠣᠳᠣᠬᠠᠨ ᠳᠤ᠂ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠠᠴᠠ ᠲᠥᠯᠥᠪᠦᠷᠢ ᠠᠪᠬᠤ ᠳᠦᠷᠢᠮ ᠢ ᠲᠣᠭᠲᠠᠭᠠᠬᠤ ᠬᠠᠤᠯᠢ ᠲᠣᠭᠲᠠᠭᠠᠯᠲᠠ ᠶᠢᠨ ᠨᠥᠬᠦᠴᠡᠯ ᠬᠠᠷᠠᠬᠠᠨ ᠪᠦᠷᠢᠯᠳᠦᠭᠡ ᠦᠭᠡᠢ ᠪᠠᠶᠢᠵᠤ᠂ ᠬᠡᠰᠡᠭ ᠭᠠᠵᠠᠷ ᠣᠷᠣᠨ ᠳᠤ ᠲᠤᠷᠰᠢᠯᠲᠠ ᠶᠢᠨ ᠴᠢᠭ᠋ ᠥᠷᠨᠢᠭᠦᠯᠦᠭᠰᠡᠨ ᠤ ᠳᠠᠷᠠᠭ᠎ᠠ᠂ ᠪᠦᠬᠦ ᠤᠯᠤᠰ ᠤᠨ ᠬᠡᠪᠴᠢᠶᠡᠨ ᠳᠤ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠠᠴᠠ ᠲᠥᠯᠥᠪᠦᠷᠢ ᠠᠪᠬᠤ ᠳᠦᠷᠢᠮ ᠢ ᠤᠯᠠᠮ ᠨᠢᠭᠡ ᠠᠯᠬᠤᠮ ᠲᠤᠷᠰᠢᠨ ᠬᠡᠷᠡᠭᠵᠢᠭᠦᠯᠵᠦ᠂ ᠬᠠᠤᠯᠢ ᠲᠣᠭᠲᠠᠭᠠᠯᠲᠠ ᠳᠤ ᠲᠤᠷᠰᠢᠯᠭ᠎ᠠ ᠬᠤᠷᠠᠮᠳᠤᠭᠤᠯᠬᠤ ᠴᠢᠬᠤᠯᠠᠲᠠᠢ ᠭᠡᠵᠦ ᠵᠢᠭᠠᠭᠰᠠᠨ ᠪᠠᠶᠢᠨ᠎ᠠ᠃      ᠲᠥᠯᠥᠪᠦᠷᠢ ᠥᠭᠬᠦ ᠡᠷᠬᠡ ᠪᠠ ᠡᠭᠦᠷᠭᠡ ᠶᠢ ᠲᠣᠳᠣᠷᠬᠠᠶᠢᠯᠠᠨ᠎ᠠ᠃      ᠠᠮᠢ ᠠᠬᠤᠢ ᠶᠢᠨ ᠣᠷᠴᠢᠨ ᠲᠣᠭᠤᠷᠢᠨ ᠡᠪᠳᠡᠭᠳᠡᠯ ᠬᠤᠬᠢᠷᠠᠯ ᠳᠤ ᠤᠴᠠᠷᠠᠪᠠᠯ᠂ ᠬᠡᠨ ᠬᠥᠮᠥᠨ ᠲᠥᠯᠥᠪᠦᠷᠢ ᠥᠭᠬᠦ ᠡᠭᠦᠷᠭᠡ ᠲᠠᠢ ᠪᠣᠢ︖ ᠬᠡᠨ ᠬᠥᠮᠥᠨ ᠲᠥᠯᠥᠪᠦᠷᠢ ᠠᠪᠬᠤ ᠡᠷᠬᠡ ᠲᠠᠢ ᠪᠣᠢ︖      ᠲᠥᠰᠥᠯ ᠳᠤ᠂ ᠬᠠᠤᠯᠢ ᠴᠠᠭᠠᠵᠠ ᠲᠣᠭᠲᠠᠭᠠᠯ ᠠᠴᠠ ᠵᠥᠷᠢᠴᠡᠵᠦ᠂ ᠠᠮᠢ ᠠᠬᠤᠢ ᠶᠢᠨ ᠣᠷᠴᠢᠨ ᠲᠣᠭᠤᠷᠢᠨ ᠤ ᠡᠪᠳᠡᠭᠳᠡᠯ ᠬᠤᠬᠢᠷᠠᠯ ᠢ ᠪᠣᠢ ᠪᠣᠯᠭᠠᠭᠰᠠᠨ ᠨᠢᠭᠡᠴᠢ ᠪᠠ ᠬᠤᠪᠢ ᠬᠥᠮᠥᠨ᠂ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠲᠥᠯᠥᠪᠦᠷᠢ ᠥᠭᠬᠦ ᠬᠠᠷᠢᠭᠤᠴᠠᠯᠭ᠎ᠠ ᠶᠢ ᠡᠭᠦᠷᠭᠡᠯᠡᠵᠦ᠂ ᠲᠥᠯᠥᠬᠦ ᠶᠣᠰᠣᠲᠠᠢ ᠲᠥᠯᠥᠪᠦᠷᠢ ᠶᠢ ᠲᠥᠯᠥᠬᠦ ᠬᠡᠷᠡᠭᠲᠡᠢ ᠭᠡᠵᠦ ᠲᠣᠭᠲᠠᠭᠠᠵᠠᠢ᠃      ᠲᠥᠯᠥᠪᠦᠷᠢ ᠠᠪᠬᠤ ᠡᠷᠬᠡᠲᠦ ᠬᠥᠮᠥᠨ ᠤ ᠲᠠᠯ᠎ᠠ ᠪᠠᠷ᠂ 2015 ᠣᠨ ᠳᠤ ᠳᠠᠷᠤᠮᠠᠯᠯᠠᠨ ᠲᠠᠷᠬᠠᠭᠠᠭᠰᠠᠨ ᠲᠤᠷᠰᠢᠯᠲᠠ ᠶᠢᠨ ᠴᠢᠭ᠋ ᠤᠨ ᠲᠥᠰᠥᠯ ᠳᠤ᠂ ᠲᠥᠯᠥᠪᠦᠷᠢ ᠠᠪᠬᠤ ᠡᠷᠬᠡᠲᠦ ᠬᠥᠮᠥᠨ ᠪᠣᠯ ᠮᠤᠵᠢ ᠶᠢᠨ ᠱᠠᠲᠤᠨ ᠤ ᠵᠠᠰᠠᠭ ᠤᠨ ᠣᠷᠳᠣᠨ ᠪᠣᠯᠣᠨ᠎ᠠ ᠭᠡᠵᠦ ᠲᠣᠭᠲᠠᠭᠠᠪᠠ᠃ ᠲᠤᠰ ᠤᠳᠠᠭᠠᠨ ᠤ ᠳᠠᠷᠤᠮᠠᠯᠯᠠᠨ ᠲᠠᠷᠬᠠᠭᠠᠭᠰᠠᠨ ᠲᠥᠰᠥᠯ ᠳᠤ ᠬᠠᠷᠢᠨ ᠲᠥᠯᠥᠪᠦᠷᠢ ᠠᠪᠬᠤ ᠡᠷᠬᠡᠲᠦ ᠬᠥᠮᠥᠨ ᠢ ᠮᠤᠵᠢ ᠶᠢᠨ ᠱᠠᠲᠤᠨ ᠤ ᠵᠠᠰᠠᠭ ᠤᠨ ᠣᠷᠳᠣᠨ ᠠᠴᠠ ᠬᠤᠲᠠ ᠣᠷᠣᠨ ᠤ ᠳᠡᠰ ᠤᠨ ᠵᠠᠰᠠᠭ ᠤᠨ ᠣᠷᠳᠣᠨ ᠬᠦᠷᠲᠡᠯ᠎ᠡ ᠥᠷᠭᠡᠵᠢᠭᠦᠯᠵᠡᠢ᠃     ᠦᠢᠯᠡᠳᠦᠯᠭᠡ ᠶᠢᠨ ᠳᠤᠮᠳᠠ᠂ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠠᠴᠠ ᠲᠥᠯᠥᠪᠦᠷᠢ ᠠᠪᠬᠤ ᠬᠡᠷᠡᠭ ᠨᠢ ᠭᠤᠣᠯᠳᠠᠭᠤ ᠬᠤᠲᠠ ᠣᠷᠣᠨ ᠤ ᠱᠠᠲᠤᠨ ᠤ ᠳᠠᠪᠬᠤᠷᠭ᠎ᠠ ᠳᠤ ᠡᠭᠦᠰᠴᠦ᠂ ᠬᠤᠲᠠ ᠣᠷᠣᠨ ᠤ ᠱᠠᠲᠤᠨ ᠤ ᠵᠠᠰᠠᠭ ᠤᠨ ᠣᠷᠳᠣᠨ ᠠᠴᠠ ᠬᠠᠤᠯᠢ ᠳᠦᠷᠢᠮ ᠪᠠ ᠬᠠᠤᠯᠢ ᠬᠡᠷᠡᠭᠵᠢᠭᠦᠯᠬᠦ ᠬᠥᠮᠥᠰ ᠢ ᠲᠣᠬᠢᠷᠠᠭᠤᠯᠬᠤ᠂ ᠣᠷᠴᠢᠨ ᠲᠣᠭᠤᠷᠢᠨ ᠤ ᠡᠪᠳᠡᠭᠳᠡᠯ ᠬᠤᠬᠢᠷᠠᠯ ᠢ ᠬᠢᠨᠠᠨ ᠲᠣᠭᠲᠠᠭᠠᠬᠤ ᠪᠠᠶᠢᠭᠤᠯᠤᠮᠵᠢ ᠶᠢ ᠪᠠᠶᠢᠭᠤᠯᠤᠨ ᠪᠦᠷᠢᠨᠰᠢᠭᠦᠯᠬᠦ᠂ ᠬᠡᠷᠡᠭ ᠢ ᠭᠦᠢᠴᠡᠳᠬᠡᠬᠦ ᠲᠤᠰᠬᠠᠶᠢᠵᠢᠭᠰᠠᠨ ᠬᠡᠮᠵᠢᠶ᠎ᠡ ᠵᠡᠷᠭᠡ ᠲᠠᠯ᠎ᠠ ᠪᠠᠷ ᠵᠣᠬᠢᠬᠤ ᠰᠠᠭᠤᠷᠢ ᠲᠠᠢ ᠪᠠᠶᠢᠵᠤ᠂ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠠᠴᠠ ᠲᠥᠯᠥᠪᠦᠷᠢ ᠠᠪᠬᠤ ᠳᠦᠷᠢᠮ ᠤᠨ ᠥᠭᠡᠷᠡᠴᠢᠯᠡᠯᠲᠡ ᠶᠢᠨ ᠠᠵᠢᠯ ᠢ ᠥᠷᠨᠢᠭᠦᠯᠬᠦ ᠳᠤᠮᠳᠠ ᠢᠳᠡᠪᠬᠢᠲᠡᠢ ᠦᠢᠯᠡᠳᠦᠯ ᠦᠵᠡᠭᠦᠯᠵᠦ ᠴᠢᠳᠠᠨ᠎ᠠ᠃ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠠᠴᠠ ᠲᠥᠯᠥᠪᠦᠷᠢ ᠠᠪᠬᠤ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ ᠲᠥᠯᠥᠪᠦᠷᠢ ᠠᠪᠬᠤ ᠡᠷᠬᠡᠲᠦ ᠬᠥᠮᠥᠨ ᠳᠤ ᠥᠷᠭᠡᠳᠬᠡᠯ ᠬᠢᠬᠦ ᠴᠢᠬᠤᠯᠠᠲᠠᠢ ᠭᠡᠵᠦ ᠡᠨᠡ ᠬᠦ ᠬᠠᠷᠢᠭᠤᠴᠠᠯᠭᠠᠲᠠᠨ ᠲᠠᠶᠢᠯᠪᠤᠷᠢ ᠬᠢᠭᠰᠡᠨ ᠪᠠᠶᠢᠨ᠎ᠠ᠃      ᠲᠥᠰᠥᠯ ᠳᠤ᠂ ᠮᠤᠵᠢ ᠶᠢᠨ ᠱᠠᠲᠤ᠂ ᠬᠤᠲᠠ ᠣᠷᠣᠨ ᠤ ᠱᠠᠲᠤᠨ ᠤ ᠵᠠᠰᠠᠭ ᠤᠨ ᠣᠷᠳᠣᠨ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠪᠤᠶᠤ ᠪᠠᠶᠢᠭᠤᠯᠤᠮᠵᠢ ᠶᠢ ᠵᠢᠭᠠᠨ ᠲᠣᠭᠲᠠᠭᠠᠵᠤ᠂ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠠᠴᠠ ᠲᠥᠯᠥᠪᠦᠷᠢ ᠠᠪᠬᠤ ᠠᠵᠢᠯ ᠢ ᠬᠠᠷᠢᠭᠤᠴᠠᠭᠤᠯᠵᠤ ᠪᠣᠯᠣᠨ᠎ᠠ ᠭᠡᠵᠦ ᠲᠣᠭᠲᠠᠭᠠᠵᠠᠢ᠃ ᠵᠢᠱᠢᠶᠡᠯᠡᠪᠡᠯ᠂ ᠭᠦᠢᠵᠧᠦ ᠮᠤᠵᠢ ᠶᠢᠨ ᠵᠠᠰᠠᠭ ᠤᠨ ᠣᠷᠳᠣᠨ ᠠᠴᠠ ᠭᠦᠢᠵᠧᠦ ᠮᠤᠵᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠬᠢᠮ ᠳᠤ ᠨᠠᠶᠢᠳᠠᠵᠤ ᠲᠥᠯᠥᠪᠦᠷᠢ ᠠᠪᠬᠤ ᠠᠵᠢᠯ ᠢ ᠶᠠᠪᠤᠭᠤᠯᠵᠤ ᠪᠣᠯᠣᠨ᠎ᠠ᠃     ᠲᠥᠰᠥᠯ ᠳᠤ ᠬᠠᠮᠲᠤ ᠳᠤ ᠨᠢ ᠮᠤᠵᠢ ᠶᠢᠨ ᠬᠡᠪᠴᠢᠶ᠎ᠡ ᠠᠯᠤᠰᠯᠠᠭᠰᠠᠨ ᠠᠮᠢ ᠠᠬᠤᠢ ᠶᠢᠨ ᠣᠷᠴᠢᠨ ᠲᠣᠭᠤᠷᠢᠨ ᠤ ᠡᠪᠳᠡᠭᠳᠡᠯ ᠬᠤᠬᠢᠷᠠᠯ ᠢ ᠠᠮᠢ ᠠᠬᠤᠢ ᠶᠢᠨ ᠣᠷᠴᠢᠨ ᠲᠣᠭᠤᠷᠢᠨ ᠨᠢ ᠡᠪᠳᠡᠭᠳᠡᠭᠰᠡᠨ ᠭᠠᠵᠠᠷ ᠤᠨ ᠬᠤᠯᠪᠣᠭᠳᠠᠯ ᠪᠦᠬᠦᠢ ᠮᠤᠵᠢ ᠶᠢᠨ ᠱᠠᠲᠤᠨ ᠤ ᠵᠠᠰᠠᠭ ᠤᠨ ᠣᠷᠳᠣᠨ ᠠᠴᠠ ᠬᠠᠮᠵᠢᠯᠴᠠᠨ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠠᠴᠠ ᠲᠥᠯᠥᠪᠦᠷᠢ ᠠᠪᠬᠤ ᠠᠵᠢᠯ ᠢ ᠥᠷᠨᠢᠭᠦᠯᠦᠨ᠎ᠡ ᠭᠡᠵᠦ ᠲᠣᠭᠲᠠᠭᠠᠪᠠ᠃     ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠠᠴᠠ ᠲᠥᠯᠥᠪᠦᠷᠢ ᠠᠪᠬᠤ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃     ᠲᠤᠷᠰᠢᠯᠲᠠ ᠶᠢᠨ ᠴᠢᠭ᠋ ᠤᠨ ᠲᠥᠰᠥᠯ ᠤᠨ ᠰᠠᠭᠤᠷᠢᠨ ᠳᠡᠭᠡᠷ᠎ᠡ᠂ ᠲᠤᠰ ᠤᠳᠠᠭᠠᠨ ᠤ ᠳᠠᠷᠤᠮᠠᠯᠯᠠᠨ ᠲᠠᠷᠬᠠᠭᠠᠭᠰᠠᠨ ᠲᠥᠰᠥᠯ ᠳᠤ ︽ᠵᠥᠪᠳᠡᠯᠴᠡᠬᠦ ᠤᠷᠢᠳᠠᠴᠢ︾᠂ ᠳᠠᠷᠤᠢ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠠᠴᠠ ᠲᠥᠯᠥᠪᠦᠷᠢ ᠠᠪᠬᠤ ᠵᠥᠪᠳᠡᠯᠴᠡᠭᠡᠷ ᠪᠣᠯ ᠵᠠᠷᠭᠤᠯᠳᠤᠭᠠᠨ ᠤ ᠤᠷᠢᠳᠠᠴᠢ ᠨᠥᠬᠦᠴᠡᠯ ᠪᠣᠯᠬᠤ ᠶᠢ ᠲᠣᠳᠣᠷᠬᠠᠶᠢᠯᠠᠭᠰᠠᠨ ᠪᠠᠶᠢᠨ᠎ᠠ᠃     ᠲᠥᠯᠥᠪᠦᠷᠢ ᠠᠪᠬᠤ ᠡᠷᠬᠡᠲᠦ ᠬᠥᠮᠥᠨ ᠬᠢᠭᠡᠳ ᠲᠥᠯᠥᠪᠦᠷᠢ ᠥᠭᠬᠦ ᠡᠭᠦᠷᠭᠡᠲᠦ ᠬᠥᠮᠥᠨ ᠬᠠᠷᠢᠯᠴᠠᠨ ᠵᠥᠪᠳᠡᠯᠴᠡᠬᠦ ᠪᠠᠷ ᠳᠠᠮᠵᠢᠭᠤᠯᠵᠤ᠂ ᠲᠥᠯᠥᠪᠦᠷᠢ ᠶᠢᠨ ᠬᠡᠯᠡᠯᠴᠡᠭᠡᠷ ᠲᠣᠭᠲᠠᠨ᠎ᠠ᠃ ᠵᠥᠪᠳᠡᠯᠴᠡᠬᠦ ᠪᠠᠷ ᠳᠠᠮᠵᠢᠨ ᠲᠣᠭᠲᠠᠭᠰᠠᠨ ᠡᠨᠡ ᠬᠦ ᠬᠤᠪᠢ ᠬᠡᠯᠡᠯᠴᠡᠭᠡᠷ ᠢᠶᠠᠷ ᠠᠷᠠᠳ ᠤᠨ ᠰᠢᠭᠦᠬᠦ ᠬᠤᠷᠢᠶᠠᠨ ᠳᠤ ᠬᠠᠤᠯᠢ ᠴᠠᠭᠠᠵᠠ ᠶᠢᠨ ᠨᠤᠲᠠᠯᠠᠯᠲᠠ ᠬᠢᠯᠭᠡᠬᠦ ᠭᠤᠶᠤᠴᠢᠯᠠᠵᠤ ᠪᠣᠯᠣᠨ᠎ᠠ᠃ ᠬᠠᠤᠯᠢ ᠴᠠᠭᠠᠵᠠ ᠶᠢᠨ ᠨᠤᠲᠠᠯᠠᠯᠲᠠ ᠬᠢᠭᠰᠡᠨ ᠤ ᠳᠠᠷᠠᠭ᠎ᠠ᠂ ᠬᠡᠷᠪᠡ ᠲᠥᠯᠥᠪᠦᠷᠢ ᠥᠭᠬᠦ ᠡᠭᠦᠷᠭᠡᠲᠦ ᠬᠥᠮᠥᠨ ᠭᠦᠢᠴᠡᠳᠬᠡᠬᠦ ᠦᠭᠡᠢ ᠪᠤᠶᠤ ᠪᠦᠷᠢᠨ ᠭᠦᠢᠴᠡᠳᠬᠡᠬᠦ ᠦᠭᠡᠢ ᠪᠣᠯ᠂ ᠲᠥᠯᠥᠪᠦᠷᠢ ᠠᠪᠬᠤ ᠡᠷᠬᠡᠲᠦ ᠬᠥᠮᠥᠨ ᠠᠯᠪᠠᠳᠠᠨ ᠬᠡᠷᠡᠭᠵᠢᠭᠦᠯᠬᠦ ᠪᠠᠷ ᠠᠷᠠᠳ ᠤᠨ ᠰᠢᠭᠦᠬᠦ ᠬᠤᠷᠢᠶ᠎ᠠ ᠳᠤ ᠭᠤᠶᠤᠴᠢᠯᠠᠯᠲᠠ ᠭᠠᠷᠭᠠᠵᠤ ᠪᠣᠯᠣᠨ᠎ᠠ᠃ ᠡᠨᠡ ᠨᠢ ᠲᠥᠯᠥᠪᠦᠷᠢ ᠶᠢᠨ ᠬᠡᠯᠡᠯᠴᠡᠭᠡᠷ ᠲᠤ ᠠᠯᠪᠠᠳᠠᠯᠭ᠎ᠠ ᠪᠠᠷ ᠬᠡᠷᠡᠭᠵᠢᠭᠦᠯᠬᠦ ᠬᠠᠤᠯᠢ ᠶᠢᠨ ᠬᠦᠴᠦᠨ ᠣᠯᠭᠤᠵᠤ᠂ ᠲᠥᠯᠥᠪᠦᠷᠢ ᠶᠢᠨ ᠬᠡᠯᠡᠯᠴᠡᠭᠡᠷ ᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠬᠤ ᠪᠣᠯᠣᠨ᠎ᠠ᠃      ᠲᠥᠰᠥᠯ ᠨᠢ ᠪᠠᠰᠠ᠂ ᠵᠥᠪᠳᠡᠯᠴᠡᠭᠡᠳ ᠰᠠᠨᠠᠯ ᠨᠢᠭᠡᠳᠦᠭᠰᠡᠨ ᠦᠭᠡᠢ ᠪᠣᠯ᠂ ᠲᠥᠯᠥᠪᠦᠷᠢ ᠠᠪᠬᠤ ᠡᠷᠬᠡᠲᠦ ᠬᠥᠮᠥᠨ ᠴᠠᠭ ᠲᠤᠬᠠᠢ ᠳᠤ ᠨᠢ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠠᠴᠠ ᠲᠥᠯᠥᠪᠦᠷᠢ ᠠᠪᠬᠤ ᠵᠠᠷᠭᠤᠯᠳᠤᠯᠭ᠎ᠠ ᠳᠤᠷᠠᠳᠬᠤ ᠬᠡᠷᠡᠭᠲᠡᠢ ᠭᠡᠵᠦ ᠲᠣᠳᠣᠷᠬᠠᠶᠢᠯᠠᠪᠠ᠃     ᠡᠨᠡ ᠬᠦ ᠬᠠᠷᠢᠭᠤᠴᠠᠯᠭᠠᠲᠠᠨ ᠤ ᠢᠯᠡᠷᠬᠡᠶᠢᠯᠡᠭᠰᠡᠨ ᠢᠶᠠᠷ᠂ ᠳᠠᠷᠠᠭᠠᠴᠢ ᠶᠢᠨ ᠠᠯᠬᠤᠮ ᠳᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠠᠮᠤᠨ ᠠᠴᠠ ᠡᠯ᠎ᠡ ᠭᠠᠵᠠᠷ ᠤᠨ ᠬᠡᠷᠡᠭᠵᠢᠭᠦᠯᠬᠦ ᠲᠥᠰᠥᠯ ᠲᠣᠭᠲᠠᠭᠠᠬᠤ ᠶᠢ ᠢᠳᠡᠪᠬᠢᠲᠡᠢ ᠠᠬᠢᠭᠤᠯᠵᠤ᠂ ᠬᠡᠷᠡᠭ ᠤᠨ ᠵᠢᠱᠢᠶ᠎ᠡ ᠶᠢᠨ ᠦᠢᠯᠡᠳᠦᠯᠭᠡ ᠪᠠᠷ ᠭᠠᠷᠳᠠᠴᠠ ᠪᠣᠯᠭᠠᠵᠤ᠂ ᠠᠵᠢᠯ ᠢᠶᠠᠨ ᠯᠠᠪᠳᠠᠭᠤᠨ ᠪᠠᠲᠤᠲᠠᠢ ᠠᠬᠢᠭᠤᠯᠬᠤ ᠪᠠᠷ ᠪᠠᠶᠢᠨ᠎ᠠ᠃     ᠮᠡᠷᠭᠡᠵᠢᠯ ᠤᠨ ᠪᠠᠲᠤᠯᠠᠭ᠎ᠠ ᠶᠢ ᠴᠢᠩᠭᠠᠳᠬᠠᠬᠤ ᠲᠠᠯ᠎ᠠ ᠪᠠᠷ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠠᠮᠤᠨ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠵᠤ ᠣᠷᠴᠢᠨ ᠲᠣᠭᠤᠷᠢᠨ ᠤ ᠡᠪᠳᠡᠭᠳᠡᠯ ᠬᠤᠬᠢᠷᠠᠯ ᠢ ᠬᠢᠨᠠᠨ ᠲᠣᠭᠲᠠᠭᠠᠵᠤ ᠦᠨᠡᠯᠡᠨ ᠵᠢᠱᠢᠬᠦ ᠮᠡᠷᠭᠡᠵᠢᠯ ᠤᠨ ᠰᠢᠰᠲ᠋ᠧᠮᠴᠢ ᠶᠢᠨ ᠪᠠᠶᠢᠭᠤᠯᠤᠯᠲᠠ ᠶᠢ ᠴᠢᠩᠭᠠᠷᠠᠭᠤᠯᠵᠤ᠂ ᠣᠷᠴᠢᠨ ᠲᠣᠭᠤᠷᠢᠨ ᠤ ᠡᠪᠳᠡᠭᠳᠡᠯ ᠬᠤᠬᠢᠷᠠᠯ ᠢ ᠬᠢᠨᠠᠨ ᠲᠣᠭᠲᠠᠭᠠᠵᠤ ᠦᠨᠡᠯᠡᠨ ᠵᠢᠱᠢᠬᠦ ᠵᠢᠷᠤᠮᠵᠢᠯ ᠬᠠᠮᠢᠶᠠᠷᠤᠯᠲᠠ ᠶᠢ ᠠᠬᠢᠭᠤᠯᠬᠤ ᠪᠠᠷ ᠪᠠᠶᠢᠨ᠎ᠠ᠃ ᠡᠭᠦᠨ ᠤ ᠬᠠᠮᠲᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠠᠮᠤᠨ ᠠᠴᠠ ᠬᠠᠮᠤᠭ ᠤᠨ ᠳᠡᠭᠡᠳᠦ ᠠᠷᠠᠳ ᠤᠨ ᠰᠢᠭᠦᠬᠦ ᠬᠤᠷᠢᠶ᠎ᠠ᠂ ᠬᠠᠮᠤᠭ ᠤᠨ ᠳᠡᠭᠡᠳᠦ ᠠᠷᠠᠳ ᠤᠨ ᠪᠠᠶᠢᠴᠠᠭᠠᠬᠤ ᠬᠤᠷᠢᠶ᠎ᠠ᠂ ᠬᠠᠤᠯᠢ ᠴᠠᠭᠠᠵᠠ ᠶᠢᠨ ᠶᠠᠮᠤᠨ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠵᠤ᠂ ᠡᠯ᠎ᠡ ᠭᠠᠵᠠᠷ ᠤᠨ ᠥᠭᠡᠷᠡᠴᠢᠯᠡᠯᠲᠡ ᠶᠢ ᠲᠤᠷᠰᠢᠨ ᠬᠡᠷᠡᠭᠵᠢᠭᠦᠯᠬᠦ ᠶᠠᠪᠤᠴᠠ ᠳᠤ ᠲᠤᠯᠭᠠᠷᠠᠭᠰᠠᠨ ᠠᠰᠠᠭᠤᠳᠠᠯ ᠪᠠ ᠬᠦᠴᠢᠷᠳᠡᠯ ᠢ ᠰᠢᠢᠳᠪᠦᠷᠢᠯᠡᠬᠦ ᠶᠢ ᠠᠬᠢᠭᠤᠯᠬᠤ ᠪᠠᠷ ᠪᠠᠶᠢᠨ᠎ᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ