12 ᠳ᠋ᠤᠭᠠᠷ ᠰᠠᠷ᠎ᠠ ᠶᠢᠨ 2 ᠤᠨ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ | ᠳᠤᠭᠤᠶᠢᠯᠠᠩ ᠤᠨ ᠲᠣᠬᠢᠷᠠᠭᠤᠯᠤᠯᠲᠠ ᠪᠠᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠭᠤᠯᠭ᠎ᠠ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠶ | ᠰᠡᠳᠦᠪᠲᠦ ᠲᠠᠶᠢᠯᠤᠮᠵᠢ ᠶᠢ ᠵᠣᠬᠢᠶᠠᠨ ᠪᠠᠶᠢᠭᠤᠯᠤᠨ ᠡᠷᠬᠢᠯᠡᠪᠡ᠃ ᠡᠨᠡ ᠤᠳᠠᠭᠠᠨ ᠤ ᠲᠠᠶᠢᠯᠤᠮᠵᠢ ᠳᠤ ᠳᠤᠮᠳᠠᠳᠤ | ᠤᠯᠤᠰ ᠤᠨ ᠫᠥᠳᠦ᠋ᠩ ᠤᠨ ᠺᠠᠳ᠋ᠷ ᠤᠨ ᠳᠡᠭᠡᠳᠦ ᠰᠤᠷᠭᠠᠭᠤᠯᠢ ᠶᠢᠨ ᠠᠵᠤ ᠠᠬᠤᠶ ᠪᠠ ᠠᠵᠤ ᠦᠢᠯᠡᠳᠪᠦᠷᠢ | ᠬᠤᠳᠠᠯᠳᠤᠭᠠᠨ ᠤ ᠬᠠᠮᠢᠶᠠᠷᠤᠯᠲᠠ ᠶᠢᠨ ᠵᠢᠭᠠᠨ ᠰᠤᠳᠤᠯᠬᠤ ᠬᠡᠯᠲᠡᠰ ᠤᠨ ᠡᠷᠬᠢᠯᠡᠭᠴᠢ ᠵᠣᠣ ᠴᠢᠤᠸᠠᠨ ᠮᠢᠨ | ᠫᠷᠣᠹᠧᠰᠰᠣᠷ ᠢ ᠤᠷᠢᠵᠤ ︽ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ | ᠣᠶᠢᠯᠠᠭᠠᠵᠤ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮᠵᠢ ᠶᠢ ᠪᠦᠳᠤᠭᠡᠨ ᠪᠠᠶᠢᠭᠤᠯᠤᠶ᠎ᠠ︾ ᠰᠡᠳᠥᠪ ᠢᠶᠠᠷ | ᠲᠠᠶᠢᠯᠤᠮᠵᠢ ᠬᠢᠯᠭᠡᠪᠡ᠃ ᠲᠠᠶᠢᠯᠤᠮᠵᠢ ᠨᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠢ ᠪᠦᠬᠦ | ᠲᠠᠯ᠎ᠠ ᠪᠠᠷ ᠬᠤᠷᠢᠶᠠᠩᠭᠤᠶᠢᠯᠠᠨ᠂ ᠭᠤᠣᠯᠳᠠᠭᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠠᠬᠢ | ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮᠵᠢ ᠶᠢ ᠪᠦᠳᠤᠭᠡᠨ ᠪᠠᠶᠢᠭᠤᠯᠬᠤ ᠲᠤᠬᠠᠶ ᠨᠠᠷᠢᠨ ᠲᠣᠳᠣᠷᠬᠠᠶ | ᠲᠠᠶᠢᠯᠪᠤᠷᠢᠯᠠᠯᠲᠠ ᠬᠢᠵᠡᠶ᠃ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠠᠶᠢᠭᠤᠯᠭ᠎ᠠ᠂ | ᠲᠢᠩᠬᠢᠮ ᠤᠨ ᠬᠠᠷᠢᠶ᠎ᠠ ᠨᠢᠭᠡᠴᠡ ᠶᠢᠨ 170 ᠭᠠᠷᠤᠢ ᠺᠠᠳ᠋ᠷ ᠠᠵᠢᠯᠲᠠᠨ ᠪᠣᠯᠪᠠᠰᠤᠷᠠᠭᠤᠯᠤᠯ ᠤᠨ ᠲᠠᠶᠢᠯᠤᠮᠵᠢ ᠳᠤ | ᠣᠷᠣᠯᠴᠠᠭᠰᠠᠨ ᠪᠠᠶᠢᠨ᠎ᠠ᠃ |